Та "Internet explorer"-ийн сүүлийн хувилбар болох "Microsoft edge"-г ашиглана уу

Хэрэв "Microsoft edge"-г татах бол энд дарж татаж авна уу

ᠮᠣᠩᠭᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ ᠶᠢ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ᠳᠠᠷᠤᠭ᠎ᠠ ᠱᠢ ᠵᠢᠩ ᠫᠢᠩ ᠤᠭᠲᠤᠨ ᠮᠡᠨᠳᠦᠴᠢᠯᠡᠪᠡ

ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ᠴᠢᠨ᠋ᠳᠠᠣ᠋ ᠬᠣᠲᠠ ᠳᠤ ᠪᠣᠯᠵᠤ ᠪᠤᠢ ᠱᠠᠩᠬᠠᠢ ᠶᠢᠨ ᠬᠠᠮᠲᠤ ᠶᠢᠨ ᠠᠵᠢᠯᠯᠠᠭᠠᠨ ᠤ ᠪᠠᠶᠢᠭᠤᠯᠤᠯᠭ᠎ᠠ ᠶᠢᠨ ᠭᠡᠰᠢᠭᠦᠨ ᠣᠷᠣᠨ ᠨᠤᠭᠤᠳ ᠤᠨ ᠲᠥᠷᠥ ᠶᠢᠨ ᠲᠡᠷᠢᠭᠦᠨ ᠨᠠᠷ ᠤᠨ ᠵᠥᠪᠯᠡᠯ ᠦᠨ 18 ᠍ ᠳᠦᠭᠠᠷ ᠬᠤᠷᠠᠯ ᠳᠤ ᠣᠷᠣᠯᠴᠠᠵᠤ ᠪᠤᠢ ᠮᠣᠩᠭᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ ᠥᠨᠥᠳᠥᠷ ᠱᠠᠩᠬᠠᠢ ᠶᠢᠨ ᠬᠠᠮᠲᠤ ᠶᠢᠨ ᠠᠵᠢᠯᠯᠠᠭᠠᠨ ᠤ ᠪᠠᠶᠢᠭᠤᠯᠤᠯᠭ᠎ᠠ ᠶᠢᠨ ᠭᠡᠰᠢᠭᠦᠨ᠂ ᠣᠷᠣᠯᠴᠠᠭᠴᠢ ᠣᠷᠣᠨ ᠨᠤᠭᠤᠳ ᠪᠣᠯᠤᠨ ᠣᠯᠠᠨ ᠤᠯᠤᠰ ᠤᠨ ᠪᠠᠶᠢᠭᠤᠯᠤᠯᠭ᠎ᠠ ᠨᠤᠭᠤᠳ ᠤᠨ ᠲᠥᠯᠥᠭᠡᠯᠡᠭᠴᠢᠳ ᠦᠨ ᠲᠡᠷᠢᠭᠦᠨ ᠨᠠᠷ ᠤᠨ ᠥᠷᠭᠡᠳᠬᠡᠭ᠍ᠰᠡᠨ ᠬᠤᠷᠠᠯᠳᠤᠭᠠᠨ ᠳᠤ ᠣᠷᠣᠯᠴᠠᠵᠤ ᠪᠠᠶᠢᠨ᠎ᠠ᠃

 

ᠬᠤᠷᠠᠯᠳᠤᠭᠠᠨ ᠳᠤ ᠣᠷᠣᠯᠴᠠᠬᠤ ᠪᠠᠷ ᠢᠷᠡᠭᠰᠡᠨ ᠮᠣᠩᠭᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ ᠶᠢ ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ᠳᠠᠷᠤᠭ᠎ᠠ ᠱᠢ ᠵᠢᠩ ᠫᠢᠩ ᠤᠭᠲᠤᠨ ᠮᠡᠨᠳᠦᠴᠢᠯᠡᠵᠦ᠂ ᠱᠠᠩᠬᠠᠢ ᠶᠢᠨ ᠬᠠᠮᠲᠤ ᠶᠢᠨ ᠠᠵᠢᠯᠯᠠᠭᠠᠨ ᠤ ᠪᠠᠶᠢᠭᠤᠯᠤᠯᠭ᠎ᠠ ᠶᠢᠨ ᠭᠡᠰᠢᠭᠦᠨ᠂ ᠣᠷᠣᠯᠴᠠᠭᠴᠢ ᠣᠷᠣᠨ ᠨᠤᠭᠤᠳ ᠪᠣᠯᠤᠨ ᠣᠯᠠᠨ ᠤᠯᠤᠰ ᠤᠨ ᠪᠠᠶᠢᠭᠤᠯᠤᠯᠭ᠎ᠠ ᠨᠤᠭᠤᠳ ᠤᠨ ᠲᠥᠯᠦᠭᠡᠯᠡᠭᠴᠢᠳ ᠦᠨ ᠲᠡᠷᠢᠭᠦᠨ ᠨᠠᠷ ᠳᠤᠷᠠᠰᠬᠠᠯ ᠤᠨ ᠵᠢᠷᠤᠭ ᠠᠪᠬᠠᠭᠤᠯᠤᠭᠰᠠᠨ ᠢᠶᠠᠷ ᠥᠷᠭᠡᠳᠬᠡᠭ᠍ᠰᠡᠨ ᠬᠤᠷᠠᠯᠳᠤᠭᠠᠨ ᠡᠬᠢᠯᠡᠪᠡ᠃