Та "Internet explorer"-ийн сүүлийн хувилбар болох "Microsoft edge"-г ашиглана уу

Хэрэв "Microsoft edge"-г татах бол энд дарж татаж авна уу

ᠮᠣᠩᠭᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ ᠢᠰᠯᠠᠮ ᠤᠨ ᠪᠦᠭᠦᠳᠡ ᠨᠠᠶᠢᠷᠠᠮᠳᠠᠬᠤ ᠢᠷᠡᠨ ᠤᠯᠤᠰ ᠤᠨ ᠶᠡᠷᠦᠩᠬᠡᠶᠢᠯᠡᠭᠴᠢ ᠬᠠᠰᠰᠠᠨ ᠷᠤᡁᠠᠨᠢ ᠲᠠᠢ ᠠᠭᠤᠯᠵᠠᠯ᠎ᠠ

ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠴᠢᠨ᠋ᠳᠠᠤ᠋ ᠬᠣᠲᠠ ᠳᠤ ᠪᠣᠯᠵᠤ ᠪᠤᠢ ᠱᠠᠩᠬᠠᠢ ᠢᠢᠨ ᠬᠠᠮᠲᠤ ᠢᠢᠨ ᠠᠵᠢᠯᠯᠠᠭᠠᠨ ᠤ ᠪᠠᠢᠢᠭᠤᠯᠤᠯᠭ᠎ᠠ ᠢᠢᠨ ᠭᠡᠰᠢᠭᠦᠨ ᠣᠷᠣᠨ ᠨᠤᠭᠤᠳ ᠤᠨ ᠲᠥᠷᠥ ᠢᠢᠨ ᠲᠡᠷᠢᠭᠦᠨ ᠨᠠᠷ ᠤᠨ ᠵᠥᠪᠯᠡᠯ ᠦᠨ 18 ᠍ ᠳᠦᠭᠠᠷ ᠬᠤᠷᠠᠯ ᠳᠤ ᠣᠷᠣᠯᠴᠠᠵᠤ ᠪᠤᠢ ᠮᠣᠩᠭ᠋ᠣᠯ  ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠱᠠᠩᠬᠠᠢ ᠢᠢᠨ ᠬᠠᠮᠲᠤ ᠢᠢᠨ ᠠᠵᠢᠯᠯᠠᠭᠠᠨ ᠤ ᠪᠠᠢᠢᠭᠤᠯᠤᠯᠭ᠎ᠠ ᠢᠢᠨ ᠭᠡᠰᠢᠭᠦᠨ᠂ ᠣᠷᠣᠯᠴᠠᠭᠴᠢ ᠣᠷᠣᠨ ᠨᠤᠭᠤᠳ ᠪᠣᠯᠤᠨ ᠣᠯᠠᠨ ᠤᠯᠤᠰ ᠤᠨ ᠪᠠᠢᠢᠭᠤᠯᠤᠯᠭ᠎ᠠ ᠨᠤᠭᠤᠳ ᠤᠨ ᠲᠥᠯᠥᠭᠡᠯᠡᠭᠴᠢᠳ ᠦᠨ ᠲᠡᠷᠢᠭᠦᠨ ᠨᠠᠷ ᠤᠨ ᠥᠷᠭᠡᠳᠬᠡᠭ᠍ᠰᠡᠨ ᠬᠤᠷᠠᠯᠳᠤᠭᠠᠨ ᠳᠤ ᠣᠷᠣᠯᠴᠠᠭᠰᠠᠨ ᠤ ᠳᠠᠷᠠᠭ᠎ᠠ ᠢᠰᠯᠠᠮ ᠤᠨ ᠪᠦᠭᠦᠳᠡ ᠨᠠᠢᠢᠷᠠᠮᠳᠠᠬᠤ ᠢᠷᠡᠨ ᠤᠯᠤᠰ ᠤᠨ ᠶᠡᠷᠦᠩᠬᠡᠢᠢᠯᠡᠭᠴᠢ ᠬᠠᠰᠰᠠᠨ ᠷᠤᡁᠠᠨᠢ ᠲᠠᠢ ᠠᠭᠤᠯᠵᠠᠯ᠎ᠠ᠃

 

ᠠᠭᠤᠯᠵᠠᠯᠲᠠ ᠢᠢᠨ ᠡᠬᠢᠨ ᠳᠥ ᠬᠣᠶᠠᠷ ᠲᠠᠯ᠎ᠠ ᠡᠳ᠋ ᠍ ᠦᠨ ᠵᠠᠰᠠᠭ᠂ ᠰᠤᠶᠤᠯ ᠤᠨ ᠬᠠᠷᠢᠯᠴᠠᠭ᠎ᠠ ᠪᠠᠨ ᠥᠷᠭᠡᠵᠢᠭᠦᠯᠬᠦ ᠠᠰᠠᠭᠤᠳᠠᠯ ᠢᠶᠠᠷ ᠰᠠᠨᠠᠯ ᠰᠣᠯᠢᠯᠴᠠᠵᠤ᠂ ᠮᠣᠩᠭ᠋ᠣᠯ  ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠲᠣᠳᠣᠷᠬᠠᠢ ᠰᠠᠨᠠᠯ ᠲᠠᠯᠪᠢᠭᠰᠠᠨ ᠶᠤᠮ᠃

 

ᠲᠤᠬᠠᠢᠢᠯᠠᠪᠠᠯ᠂ ᠮᠠᠨ ᠤ ᠤᠯᠤᠰ ᠢᠷᠡᠨ ᠤᠷᠤᠭᠤ ᠮᠢᠬ᠎ᠠ ᠡᠺᠰᠫᠣᠷᠲ᠋ᠯᠠᠵᠤ ᠪᠠᠢᠢᠭ᠎ᠠ ᠪᠥᠭᠡᠳ ᠡᠨᠡ ᠬᠡᠮᠵᠢᠶ᠎ᠡ ᠢᠢ ᠴᠢᠨᠠᠭᠰᠢᠳᠠ ᠲᠣᠭᠲᠠᠮᠠᠯ ᠥᠰᠬᠡᠬᠦ ᠰᠣᠨᠢᠷᠬᠠᠯ ᠲᠠᠢ ᠪᠠᠢᠢᠭ᠎ᠠ ᠭᠡᠳᠡᠭ ᠢᠶᠡᠨ ᠬᠡᠯᠡᠯ᠎ᠡ᠃ ᠮᠥᠨ XIII-XIV ᠵᠠᠭᠤᠨ ᠤ ᠦᠶ᠎ᠡ ᠢᠢᠨ ᠮᠣᠩᠭ᠋ᠣᠯ  ᠤᠨ ᠡᠵᠡᠨᠲᠦ ᠭᠦᠷᠦᠨ ᠦ ᠬᠡᠰᠡᠭ ᠥᠨᠥ ᠢᠢᠨ ᠢᠷᠡᠨ ᠤᠯᠤᠰ ᠲᠤ ᠲᠥᠪᠯᠡᠷᠡᠵᠦ ᠪᠠᠢᠢᠭᠰᠠᠨ ᠢᠯ ᠬᠠᠭᠠᠨᠲᠤ ᠤᠯᠤᠰ ᠤᠨ ᠲᠡᠦᠬᠡ ᠢᠢᠨ ᠲᠠᠯᠠᠭᠠᠷᠬᠢ ᠬᠠᠮᠲᠤᠷᠠᠭᠰᠠᠨ ᠰᠤᠳᠤᠯᠭ᠎ᠠ ᠢᠢ ᠥᠷᠭᠡᠵᠢᠭᠦᠯᠬᠦ ᠲᠤᠬᠠᠢ ᠳᠤ ᠰᠠᠨᠠᠯ ᠨᠢᠭᠡᠳᠪᠡ᠃

 

ᠢᠰᠯᠠᠮ ᠤᠨ ᠪᠦᠭᠦᠳᠡ ᠨᠠᠢᠢᠷᠠᠮᠳᠠᠬᠤ ᠢᠷᠡᠨ ᠤᠯᠤᠰ ᠤᠨ ᠶᠡᠷᠦᠩᠬᠡᠢᠢᠯᠡᠭᠴᠢ ᠬᠠᠰᠰᠠᠨ ᠷᠤᡁᠠᠨᠢ ᠮᠣᠩᠭ᠋ᠣᠯ  ᠤᠯᠤᠰ ᠲᠠᠢ ᠬᠠᠮᠲᠤᠷᠠᠨ ᠠᠵᠢᠯᠯᠠᠬᠤ ᠳᠤ ᠪᠠᠨ ᠪᠠᠶᠠᠷᠲᠠᠢ ᠪᠠᠢᠢᠭ᠎ᠠ ᠲᠡᠳᠦᠢ ᠦᠭᠡᠢ ᠬᠤᠪᠢ ᠢᠢᠨ ᠰᠠᠯᠪᠤᠷᠢ ᠢᠢᠨ ᠬᠠᠮᠲᠤ ᠢᠢᠨ ᠠᠵᠢᠯᠯᠠᠭ᠎ᠠ ᠢᠢ ᠳᠡᠮᠵᠢᠬᠦ᠂ ᠰᠣᠶᠣᠯ᠂ ᠲᠡᠦᠬᠡ ᠢᠢᠨ ᠰᠠᠯᠪᠤᠷᠢ ᠳᠤ ᠬᠠᠮᠲᠤᠷᠠᠨ ᠠᠵᠢᠯᠯᠠᠬᠤ ᠰᠣᠨᠢᠷᠬᠠᠯ ᠲᠠᠢ ᠪᠠᠢᠢᠭ᠎ᠠ ᠪᠠᠨ ᠠᠭᠤᠯᠵᠠᠯᠲᠠ ᠢᠢᠨ ᠦᠶ᠎ᠡ ᠪᠡᠷ ᠣᠨᠴᠠᠯᠠᠨ ᠲᠡᠮᠳᠡᠭᠯᠡᠯ᠎ᠡ᠃ ᠮᠥᠨ ᠲᠤᠰ ᠤᠯᠤᠰ ᠠᠴᠠ ᠮᠣᠩᠭ᠋ᠣᠯ  ᠤᠯᠤᠰ ᠲᠤ ᠪᠠᠷᠠᠭ᠎ᠠ ᠪᠦᠲᠦᠭᠡᠭ᠍ᠳᠡᠬᠦᠨ ᠨᠡᠢᠢᠯᠡᠭᠦᠯᠬᠦ ᠪᠦᠷᠢᠨ ᠪᠣᠯᠤᠮᠵᠢ ᠲᠠᠢ ᠢᠢ ᠳᠤᠷᠠᠳᠤᠭᠠᠳ᠂ ᠬᠣᠶᠠᠷ ᠤᠯᠤᠰ ᠤᠨ ᠪᠢᠽᠢᠨ᠋᠋ᠧᠰ ᠦᠨ ᠰᠠᠯᠪᠤᠷᠢ ᠢᠢᠨ ᠬᠢᠨ ᠪᠣᠯᠤᠨ ᠢᠷᠭᠡᠳ ᠬᠣᠭᠣᠷᠣᠨᠳᠣ ᠢᠢᠨ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠬᠦ ᠨᠢ ᠶᠡᠬᠡᠬᠡᠨ ᠴᠢᠬᠤᠯᠠ ᠬᠡᠮᠡᠭᠰᠡᠨ ᠶᠤᠮ᠃

 

ᠬᠣᠶᠠᠷ ᠤᠯᠤᠰ ᠤᠨ ᠡᠳ᠋ ᠍ ᠦᠨ ᠵᠠᠰᠠᠭ ᠤᠨ ᠬᠠᠮᠲᠤ ᠢᠢᠨ ᠠᠵᠢᠯᠯᠠᠭ᠎ᠠ ᠪᠠᠨ᠂ ᠬᠤᠳᠠᠯᠳᠤᠭᠠᠨ ᠤ ᠡᠷᠭᠢᠯᠲᠡ ᠢᠢ ᠨᠡᠮᠡᠭᠳᠡᠭᠦᠯᠬᠦ ᠲᠤᠬᠠᠢ ᠳᠤ ᠮᠥᠨ ᠰᠠᠨᠠᠯ ᠨᠢᠭᠡ ᠲᠡᠢ ᠪᠠᠢᠢᠭ᠎ᠠ ᠲᠠᠯ᠎ᠠ ᠪᠠᠷ ᠢᠶᠠᠨ ᠲᠠᠯ᠎ᠠ ᠨᠤᠭᠤᠳ ᠳᠤᠷᠠᠳᠪᠠ᠃ ᠠᠭᠤᠯᠵᠠᠯᠲᠠ ᠢᠢᠨ ᠲᠡᠭᠦᠰᠬᠡᠯ ᠳᠥ ᠮᠣᠩᠭ᠋ᠣᠯ  ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠢᠰᠯᠠᠮ ᠤᠨ ᠪᠦᠭᠦᠳᠡ ᠨᠠᠢᠢᠷᠠᠮᠳᠠᠬᠤ ᠢᠷᠡᠨ ᠤᠯᠤᠰ ᠤᠨ ᠶᠡᠷᠦᠩᠬᠡᠢᠢᠯᠡᠭᠴᠢ ᠬᠠᠰᠰᠠᠨ ᠷᠤᡁᠠᠨᠢ ᠢᠢ ᠲᠠᠭᠠᠯᠠᠮᠵᠢᠲᠠᠢ ᠦᠶ᠎ᠡ ᠳᠡᠭᠡᠨ ᠮᠣᠩᠭ᠋ᠣᠯ  ᠤᠯᠤᠰ ᠲᠤ ᠠᠢᠢᠯᠴᠢᠯᠠᠬᠤ ᠢᠢ ᠤᠷᠢᠰᠠᠨ ᠶᠤᠮ᠃ ᠮᠥᠨ ᠢᠰᠯᠠᠮ ᠤᠨ ᠪᠦᠭᠦᠳᠡ ᠨᠠᠢᠢᠷᠠᠮᠳᠠᠬᠤ ᠢᠷᠡᠨ ᠤᠯᠤᠰ ᠤᠨ ᠶᠡᠷᠦᠩᠬᠡᠢᠢᠯᠡᠭᠴᠢ ᠬᠠᠰᠰᠠᠨ ᠷᠤᡁᠠᠨᠢ ᠮᠣᠩᠭ᠋ᠣᠯ  ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠢᠢ ᠢᠷᠡᠨ ᠤᠯᠤᠰ ᠲᠤ ᠠᠢᠢᠯᠴᠢᠯᠠᠬᠤ ᠢᠢ ᠤᠷᠢᠯ᠎ᠠ᠃