Та "Internet explorer"-ийн сүүлийн хувилбар болох "Microsoft edge"-г ашиглана уу

Хэрэв "Microsoft edge"-г татах бол энд дарж татаж авна уу

ᠮᠣᠩᠭᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ ᠪᠦᠭᠦᠳᠡ ᠨᠠᠶᠢᠷᠠᠮᠳᠠᠬᠤ ᠺᠢᠷᠭᠢᠽ ᠤᠯᠤᠰ ᠤᠨ ᠶᠡᠷᠦᠩᠬᠡᠶᠢᠯᠡᠭᠴᠢ ᠰᠣᠣᠷᠤᠨ᠋ᠪᠠᠢ ᠱᠠᠷᠢᠫᠣᠸᠢᠴ ᠵᠧᠧᠨ᠋ᠪᠧᠺᠣᠸ ᠲᠠᠢ ᠠᠭᠤᠯᠵᠠᠯ᠎ᠠ

ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠴᠢᠨ᠋ᠳᠠᠤ᠋ ᠬᠣᠲᠠ ᠳᠤ ᠪᠣᠯᠵᠤ ᠪᠤᠢ ᠱᠠᠩᠬᠠᠢ ᠢᠢᠨ ᠬᠠᠮᠲᠤ ᠢᠢᠨ ᠠᠵᠢᠯᠯᠠᠭᠠᠨ ᠤ ᠪᠠᠢᠢᠭᠤᠯᠤᠯᠭ᠎ᠠ ᠢᠢᠨ ᠭᠡᠰᠢᠭᠦᠨ ᠣᠷᠣᠨ ᠨᠤᠭᠤᠳ ᠤᠨ ᠲᠥᠷᠥ ᠢᠢᠨ ᠲᠡᠷᠢᠭᠦᠨ ᠨᠠᠷ ᠤᠨ ᠵᠥᠪᠯᠡᠯ ᠦᠨ 18 ᠍ ᠳᠦᠭᠠᠷ ᠬᠤᠷᠠᠯ ᠳᠤ ᠣᠷᠣᠯᠴᠠᠵᠤ ᠪᠤᠢ ᠮᠣᠩᠭ᠋ᠣᠯ  ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠱᠠᠩᠬᠠᠢ ᠢᠢᠨ ᠬᠠᠮᠲᠤ ᠢᠢᠨ ᠠᠵᠢᠯᠯᠠᠭᠠᠨ ᠤ ᠪᠠᠢᠢᠭᠤᠯᠤᠯᠭ᠎ᠠ ᠢᠢᠨ ᠭᠡᠰᠢᠭᠦᠨ᠂ ᠣᠷᠣᠯᠴᠠᠭᠴᠢ ᠣᠷᠣᠨ ᠨᠤᠭᠤᠳ ᠪᠣᠯᠤᠨ ᠣᠯᠠᠨ ᠤᠯᠤᠰ ᠤᠨ ᠪᠠᠢᠢᠭᠤᠯᠤᠯᠭ᠎ᠠ ᠨᠤᠭᠤᠳ ᠤᠨ ᠲᠥᠯᠦᠭᠡᠯᠡᠭᠴᠢᠳ ᠦᠨ ᠲᠡᠷᠢᠭᠦᠨ ᠨᠠᠷ ᠤᠨ ᠥᠷᠭᠡᠳᠬᠡᠭ᠍ᠰᠡᠨ ᠬᠤᠷᠠᠯᠳᠤᠭᠠᠨ ᠳᠤ ᠣᠷᠣᠯᠴᠠᠭᠰᠠᠨ ᠤ ᠳᠠᠷᠠᠭ᠎ᠠ ᠪᠦᠭᠦᠳᠡ ᠨᠠᠢᠢᠷᠠᠮᠳᠠᠬᠤ ᠺᠢᠷᠭᠢᠽ ᠤᠯᠤᠰ ᠤᠨ ᠶᠡᠷᠦᠩᠬᠡᠢᠢᠯᠡᠭᠴᠢ ᠰᠣᠣᠷᠤᠨ᠋ᠪᠠᠢ ᠱᠠᠷᠢᠫᠣᠸᠢᠴ ᠵᠧᠧᠨ᠋ᠪᠧᠺᠣᠸ ᠲᠠᠢ ᠬᠣᠶᠠᠷ ᠲᠠᠯᠠᠳᠤ ᠠᠭᠤᠯᠵᠠᠯᠲᠠ ᠬᠢᠯ᠎ᠡ᠃

 

ᠠᠭᠤᠯᠵᠠᠯᠲᠠ ᠢᠢᠨ ᠡᠬᠢᠨ ᠳᠥ ᠮᠣᠩᠭ᠋ᠣᠯ  ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠪᠦᠭᠦᠳᠡ ᠨᠠᠢᠢᠷᠠᠮᠳᠠᠬᠤ ᠺᠢᠷᠭᠢᠽ ᠤᠯᠤᠰ ᠤᠨ ᠶᠡᠷᠦᠩᠬᠡᠢᠢᠯᠡᠭᠴᠢ ᠰᠣᠣᠷᠤᠨ᠋ᠪᠠᠢ ᠱᠠᠷᠢᠫᠣᠸᠢᠴ ᠵᠧᠧᠨ᠋ᠪᠧᠺᠣᠸ ᠲᠤ ᠥᠩᠭᠡᠷᠡᠭᠰᠡᠨ ᠣᠨ ᠤ 10 ᠳ᠋ᠤᠭᠠᠷ ᠰᠠᠷ᠎ᠠ ᠳᠤ ᠪᠣᠯᠤᠭᠰᠠᠨ ᠰᠣᠩᠭᠣᠭᠤᠯᠢ ᠳᠤ ᠢᠯᠠᠯᠲᠠ ᠪᠠᠢᠢᠭᠤᠯᠵᠤ ᠲᠥᠷᠥ ᠢᠢᠨ ᠲᠡᠷᠢᠭᠦᠨ ᠢᠶᠡᠷ ᠰᠣᠩᠭ᠋ᠣᠭᠳᠠᠭᠰᠠᠨ ᠳᠤ ᠨᠢ ᠪᠠᠶᠠᠷ ᠬᠦᠷᠭᠡᠵᠦ᠂ ᠱᠠᠩᠬᠠᠢ ᠢᠢᠨ ᠬᠠᠮᠲᠤ ᠢᠢᠨ ᠠᠵᠢᠯᠯᠠᠭᠠᠨ ᠤ ᠪᠠᠢᠢᠭᠤᠯᠤᠯᠭ᠎ᠠ ᠢ ᠳᠠᠷᠤᠭᠠᠯᠠᠬᠤ ᠡᠭᠡᠯᠵᠢ ᠨᠢ ᠢᠷᠡᠵᠦ ᠡᠨᠡ ᠠᠯᠪᠠ ᠢᠢ ᠬᠦᠯᠢᠶᠡᠨ ᠠᠪᠴᠤ ᠪᠠᠢᠢᠭ᠎ᠠ ᠢᠢ ᠨᠢ ᠲᠣᠬᠢᠶᠠᠯᠳᠤᠭᠤᠯᠤᠨ ᠠᠮᠵᠢᠯᠲᠠ ᠬᠦᠰᠡᠯ᠎ᠡ᠃

 

ᠮᠣᠩᠭ᠋ᠣᠯ  ᠤᠯᠤᠰ ᠤᠨ ᠡᠯᠴᠢᠨ ᠰᠠᠢᠢᠳ ᠤᠨ ᠶᠠᠮᠤ ᠲᠤᠰ ᠤᠯᠤᠰ ᠲᠤ ᠤᠳᠠᠬᠤ ᠦᠭᠡᠢ ᠨᠡᠭᠡᠭᠡᠭ᠍ᠳᠡᠬᠦ ᠭᠡᠵᠦ ᠪᠠᠢᠢᠭᠠᠳ ᠮᠣᠩᠭ᠋ᠣᠯ  ᠤᠯᠤᠰ ᠤᠨ ᠶᠡᠷᠦᠩᠬᠡᠢᠢᠯᠡᠭᠴᠢ ᠪᠠᠶᠠᠷᠲᠠᠢ ᠪᠠᠢᠢᠭ᠎ᠠ ᠪᠠᠨ ᠢᠯᠡᠷᠬᠡᠢᠢᠯᠡᠭᠰᠡᠨ ᠶᠤᠮ᠃ ᠮᠣᠩᠭ᠋ᠣᠯ ᠂ ᠺᠢᠷᠭᠢᠽ ᠬᠣᠶᠠᠷ ᠤᠯᠤᠰ ᠠᠳᠠᠯᠢᠬᠠᠨ ᠳᠠᠯᠠᠢ ᠳᠤ ᠭᠠᠷᠤᠴᠠ ᠦᠭᠡᠢ ᠣᠷᠣᠨ ᠨᠤᠭᠤᠳ ᠤᠴᠢᠷ ᠠᠴᠠ ᠡᠳ᠋ ᠍ ᠦᠨ ᠵᠠᠰᠠᠭ ᠤᠨ ᠬᠤᠪᠢ ᠳᠤ ᠥᠷᠭᠡᠵᠢᠨ ᠲᠡᠯᠡᠬᠦ ᠪᠣᠯᠤᠮᠵᠢ ᠬᠢᠵᠠᠭᠠᠷᠯᠠᠭᠳᠠᠮᠠᠯ ᠪᠠᠢᠢᠳᠠᠭ ᠲᠠᠯ᠎ᠠ ᠪᠠᠷ ᠮᠣᠩᠭ᠋ᠣᠯ  ᠤᠯᠤᠰ ᠤᠨ ᠶᠡᠷᠦᠩᠬᠡᠢᠢᠯᠡᠭᠴᠢ ᠮᠥᠨ ᠳᠤᠷᠠᠳᠤᠭᠠᠳ ᠳᠠᠯᠠᠢ ᠳᠤ ᠭᠠᠷᠤᠴᠠ ᠦᠭᠡᠢ ᠣᠷᠣᠨ ᠨᠤᠭᠤᠳ ᠤᠨ ᠡᠳ᠋ ᠍ ᠦᠨ ᠵᠠᠰᠠᠭ ᠤᠨ ᠬᠥᠭ᠍ᠵᠢᠯ ᠦᠨ ᠰᠤᠳᠤᠯᠭᠠᠨ ᠤ ᠴᠢᠭᠯᠡᠯ ᠢᠶᠡᠷ ᠬᠠᠮᠲᠤᠷᠠᠨ ᠠᠵᠢᠯᠯᠠᠬᠤ ᠰᠣᠨᠢᠷᠬᠠᠯ ᠲᠠᠢ ᠪᠠᠢᠢᠭ᠎ᠠ ᠪᠠᠨ ᠢᠯᠡᠷᠬᠡᠢᠢᠯᠡᠭᠰᠡᠨ ᠶᠤᠮ᠃

 

ᠪᠦᠭᠦᠳᠡ ᠨᠠᠢᠢᠷᠠᠮᠳᠠᠬᠤ ᠺᠢᠷᠭᠢᠽ ᠤᠯᠤᠰ ᠤᠨ ᠶᠡᠷᠦᠩᠬᠡᠢᠢᠯᠡᠭᠴᠢ ᠰᠣᠣᠷᠤᠨ᠋ᠪᠠᠢ ᠱᠠᠷᠢᠫᠣᠸᠢᠴ ᠵᠧᠧᠨ᠋ᠪᠧᠺᠣᠸ ᠬᠣᠶᠠᠷ ᠤᠯᠤᠰ ᠤᠨ ᠡᠳ᠋ ᠍ ᠦᠨ ᠵᠠᠰᠠᠭ ᠤᠨ ᠬᠠᠷᠢᠯᠴᠠᠭ᠎ᠠ ᠥᠷᠭᠡᠨ ᠬᠦᠷᠢᠶ᠎ᠡ ᠲᠡᠢ ᠪᠢᠰᠢ ᠴᠤ ᠤᠯᠤᠰ ᠲᠥᠷᠥ ᠢᠢᠨ ᠬᠠᠮᠲᠤ ᠢᠢᠨ ᠠᠵᠢᠯᠯᠠᠭ᠎ᠠ ᠢᠢ ᠪᠠᠨ ᠬᠥᠭ᠍ᠵᠢᠭᠦᠯᠬᠦ ᠶᠤᠮ ᠪᠣᠯ ᠳᠠᠭᠠᠭᠠᠳ ᠪᠦᠬᠦ ᠯᠠ ᠰᠠᠯᠪᠤᠷᠢ ᠢᠢᠨ ᠬᠠᠷᠢᠯᠴᠠᠭ᠎ᠠ ᠥᠷᠭᠡᠵᠢᠨ ᠲᠡᠯᠡᠬᠦ ᠪᠣᠯᠤᠮᠵᠢ ᠲᠠᠢ ᠭᠡᠵᠦ ᠦᠵᠡᠵᠦ ᠪᠠᠢᠢᠭ᠎ᠠ ᠲᠠᠯ᠎ᠠ ᠪᠠᠷ ᠢᠶᠠᠨ ᠶᠠᠷᠢᠪᠠ᠃ ᠮᠥᠨ ᠮᠣᠩᠭ᠋ᠣᠯ  ᠤᠯᠤᠰ ᠠᠴᠠ ᠠᠷᠠᠳᠴᠢᠯᠠᠯ ᠢ ᠬᠥᠭ᠍ᠵᠢᠭᠦᠯᠬᠦ᠂ ᠰᠣᠩᠭ᠋ᠣᠭᠤᠯᠢ ᠵᠣᠬᠢᠶᠠᠨ ᠪᠠᠢᠢᠭᠤᠯᠬᠤ ᠲᠤᠷᠰᠢᠯᠭ᠎ᠠ ᠰᠤᠳᠤᠯᠬᠤ ᠰᠣᠨᠢᠷᠬᠠᠯ ᠲᠠᠢ ᠪᠥᠭᠡᠳ ᠡᠨᠡ ᠴᠢᠭᠯᠡᠯ ᠳᠥ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠬᠦ ᠨᠢ ᠲᠤᠰ ᠤᠯᠤᠰ ᠤᠨ ᠬᠤᠪᠢ ᠳᠤ ᠶᠡᠬᠡᠬᠡᠨ ᠴᠢᠬᠤᠯᠠ ᠪᠣᠯᠬᠤ ᠢᠢ ᠣᠨᠴᠠᠯᠠᠪᠠ᠃

 

ᠬᠣᠶᠠᠷ ᠤᠯᠤᠰ ᠤᠨ ᠲᠥᠷᠥ ᠢᠢᠨ ᠲᠡᠷᠢᠭᠦᠨ ᠨᠦᠭᠦᠳ ᠪᠦᠬᠦᠢ ᠯᠠ ᠰᠠᠯᠪᠤᠷᠢ ᠳᠤ ᠬᠠᠮᠲᠤ ᠢᠢᠨ ᠠᠵᠢᠯᠯᠠᠭ᠎ᠠ ᠢᠢ ᠢᠳᠡᠪᠬᠢᠲᠡᠢ ᠬᠥᠭ᠍ᠵᠢᠭᠦᠯᠬᠦ᠂ ᠠᠶᠠᠯᠠᠯ ᠵᠢᠭᠤᠯᠴᠢᠯᠠᠯ᠂ ᠰᠤᠶᠤᠯ ᠤᠨ ᠬᠠᠷᠢᠯᠴᠠᠭ᠎ᠠ ᠢᠢ ᠳᠡᠮᠵᠢᠬᠦ ᠵᠡᠷᠭᠡ ᠴᠥᠭᠡᠨ ᠦᠭᠡᠢ ᠠᠰᠠᠭᠤᠳᠠᠯ ᠢᠶᠠᠷ ᠰᠠᠨᠠᠯ ᠰᠣᠯᠢᠯᠴᠠᠵᠤ ᠶᠠᠷᠢᠯᠴᠠᠯ᠎ᠠ᠃