ᠮᠣᠩᠭᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ ᠪᠦᠭᠦᠳᠡ ᠨᠠᠶᠢᠷᠠᠮᠳᠠᠬᠤ ᠡᠨᠡᠳᠬᠡᠭ ᠤᠯᠤᠰ ᠤᠨ ᠶᠡᠷᠦᠩᠬᠡᠢ ᠰᠠᠶᠢᠳ ᠨ ∙ ᠮᠣᠳᠢ ᠲᠠᠢ ᠠᠭᠤᠯᠵᠠᠯ᠎ᠠ

ᠱᠠᠩᠬᠠᠢ ᠢᠢᠨ ᠬᠠᠮᠲᠤ ᠢᠢᠨ ᠠᠵᠢᠯᠯᠠᠭᠠᠨ ᠤ ᠪᠠᠢᠢᠭᠤᠯᠤᠯᠭ᠎ᠠ ᠢᠢᠨ ᠭᠡᠰᠢᠭᠦᠨ ᠣᠷᠣᠨ ᠨᠤᠭᠤᠳ ᠤᠨ ᠲᠥᠷᠥ ᠢᠢᠨ ᠲᠡᠷᠢᠭᠦᠨ ᠨᠠᠷ ᠤᠨ ᠵᠥᠪᠯᠡᠯ ᠦᠨ ᠬᠤᠷᠠᠯᠳᠤᠭᠠᠨ ᠳᠤ ᠠᠩᠬ᠎ᠠ ᠤᠳᠤᠭ᠎ᠠ ᠪᠠᠨ ᠱᠠᠩᠬᠠᠢ ᠢᠢᠨ ᠬᠠᠮᠲᠤ ᠢᠢᠨ ᠠᠵᠢᠯᠯᠠᠭᠠᠨ ᠤ ᠪᠠᠢᠢᠭᠤᠯᠤᠯᠭ᠎ᠠ ᠢᠢᠨ ᠭᠡᠰᠢᠭᠦᠨ ᠣᠷᠣᠨ ᠤ ᠬᠤᠪᠢ ᠪᠠᠷ ᠣᠷᠣᠯᠴᠠᠵᠤ ᠪᠠᠢᠢᠭ᠎ᠠ ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ ᠤᠨ ᠶᠡᠷᠦᠩᠬᠡᠢ ᠰᠠᠢᠢᠳ ᠨᠠᠷᠧᠨ᠋ᠳ᠋ᠷᠠ ᠮᠣᠳᠢ ᠥᠨᠥᠳᠥᠷ ᠮᠣᠩᠭ᠋ᠣᠯ  ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠲᠠᠢ ᠠᠭᠤᠯᠵᠠᠯ᠎ᠠ᠃

 

ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ ᠲᠠᠢ ᠬᠠᠮᠲᠤ ᠢᠢᠨ ᠠᠵᠢᠯᠯᠠᠭ᠎ᠠ ᠢᠢ ᠪᠠᠨ ᠢᠳᠡᠪᠬᠢᠲᠡᠢ ᠬᠥᠭ᠍ᠵᠢᠭᠦᠯᠬᠦ ᠡᠷᠡᠮᠡᠯᠵᠡᠯ ᠲᠡᠢ ᠪᠠᠢᠢᠳᠠᠭ ᠢᠶᠠᠨ ᠮᠣᠩᠭ᠋ᠣᠯ  ᠤᠯᠤᠰ ᠤᠨ ᠶᠡᠷᠦᠩᠬᠡᠢᠢᠯᠡᠭᠴᠢ ᠢᠯᠡᠷᠬᠡᠢᠢᠯᠡᠬᠦ ᠢᠢᠨ ᠵᠡᠷᠭᠡᠴᠡᠭᠡ ᠲᠤᠰ ᠤᠯᠤᠰ ᠲᠠᠢ ᠺᠢᠨᠣ᠋ ᠤᠷᠠᠯᠢᠭ᠂ ᠰᠫᠣᠷᠲ ᠤᠨ ᠰᠠᠯᠪᠤᠷᠢ ᠳᠤ ᠬᠠᠮᠲᠤᠷᠠᠨ ᠠᠵᠢᠯᠯᠠᠬᠤ ᠪᠣᠯᠤᠮᠵᠢ ᠲᠠᠢ ᠢᠢ ᠣᠨᠴᠠᠯᠠᠪᠠ᠃

 

ᠮᠥᠨ ᠤᠯᠤᠰ ᠬᠣᠭᠣᠷᠣᠨᠳᠣ ᠢᠢᠨ ᠬᠠᠮᠲᠤ ᠢᠢᠨ ᠠᠵᠢᠯᠯᠠᠭ᠎ᠠ ᠥᠷᠭᠡᠵᠢᠨ ᠬᠥᠭ᠍ᠵᠢᠬᠦ ᠳᠥ ᠢᠷᠭᠡᠳ ᠬᠣᠭᠣᠷᠣᠨᠳᠣ ᠢᠢᠨ ᠬᠠᠷᠢᠯᠴᠠᠭ᠎ᠠ ᠶᠡᠬᠡᠬᠡᠨ ᠴᠢᠬᠤᠯᠠ ᠪᠠᠢᠢᠳᠠᠭ ᠲᠤ ᠲᠠᠯ᠎ᠠ ᠨᠤᠭᠤᠳ ᠰᠠᠨᠠᠯ ᠨᠢᠭᠡᠳᠦᠭᠰᠡᠨ ᠶᠤᠮ᠃

 

ᠠᠭᠤᠯᠵᠠᠯᠲᠠ ᠢᠢᠨ ᠲᠡᠭᠦᠰᠬᠡᠯ ᠳᠥ ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ ᠤᠨ ᠶᠡᠷᠦᠩᠬᠡᠢ ᠰᠠᠢᠢᠳ ᠨ ∙ ᠮᠣᠳᠢ ᠮᠣᠩᠭ᠋ᠣᠯ  ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠢᠢ ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ ᠲᠤ ᠵᠣᠴᠢᠯᠠᠨ᠎ᠠ ᠭᠡᠵᠦ ᠨᠠᠢᠢᠳᠠᠵᠤ ᠪᠠᠢᠢᠭ᠎ᠠ ᠪᠠᠨ ᠢᠯᠡᠷᠬᠡᠢᠢᠯᠡᠯ᠎ᠡ᠃