ᠮᠣᠩᠭᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ ᠡᠬᠡ ᠣᠷᠣᠨ ᠳᠤ ᠪᠠᠨ ᠢᠷᠡᠯ᠎ᠡ

2018 ᠣᠨ ᠤ ᠵᠢᠷᠭᠤᠳᠤᠭᠠᠷ ᠰᠠᠷ᠎ᠠ ᠢᠢᠨ 9-10 ᠍ ᠤ ᠡᠳᠦᠷ ᠦᠳ ᠲᠥ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠴᠢᠨᠠᠳᠤ ᠪᠠᠨ ᠬᠣᠲᠠᠠᠨ᠎ᠠ ᠪᠣᠯᠤᠭᠰᠠᠨ ᠱᠠᠩᠬᠠᠢ ᠢᠢᠨ ᠬᠠᠮᠲᠤ ᠢᠢᠨ ᠠᠵᠢᠯᠯᠠᠭᠠᠨ ᠤ ᠪᠠᠢᠢᠭᠤᠯᠤᠯᠭ᠎ᠠ ᠢᠢᠨ ᠭᠡᠰᠢᠭᠦᠨ ᠣᠷᠣᠨ ᠨᠤᠭᠤᠳ ᠤᠨ ᠲᠥᠷᠥ ᠢᠢᠨ ᠲᠡᠷᠢᠭᠦᠨ ᠨᠠᠷ ᠤᠨ ᠵᠥᠪᠯᠡᠯ ᠦᠨ 18 ᠳ᠋ᠠᠬᠢ ᠤᠳᠠᠭ᠎ᠠ ᠢᠢᠨ ᠥᠷᠭᠡᠳᠬᠡᠭ᠍ᠰᠡᠨ ᠬᠤᠷᠠᠯᠳᠤᠭᠠᠨ ᠳᠤ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠳᠠᠷᠤᠭ᠎ᠠ ᠱᠢ ᠵᠢᠩ ᠫᠢᠩ ᠦᠨ ᠤᠷᠢᠯᠭ᠎ᠠ ᠪᠠᠷ ᠣᠷᠣᠯᠴᠠᠭᠰᠠᠨ ᠮᠣᠩᠭ᠋ᠣᠯ  ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠥᠨᠥᠳᠥᠷ ᠡᠬᠡ ᠣᠷᠣᠨ ᠳᠤ ᠪᠠᠨ ᠢᠷᠡᠯ᠎ᠡ᠃

ᠱᠠᠩᠬᠠᠢ ᠢᠢᠨ ᠬᠠᠮᠲᠤ ᠢᠢᠨ ᠠᠵᠢᠯᠯᠠᠭᠠᠨ ᠤ ᠪᠠᠢᠢᠭᠤᠯᠤᠯᠭ᠎ᠠ ᠢᠢᠨ ᠳᠡᠭᠡᠳᠦ ᠲᠦᠪᠰᠢᠨ ᠦ ᠠᠭᠤᠯᠵᠠᠯᠲᠠ ᠢᠢᠨ ᠦᠶ᠎ᠡ ᠪᠡᠷ ᠮᠣᠩᠭ᠋ᠣᠯ  ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠣᠷᠣᠰ ᠤᠨ ᠬᠣᠯᠪᠣᠭᠠᠨ ᠤ ᠤᠯᠤᠰ ᠤᠨ ᠶᠡᠷᠦᠩᠬᠡᠢᠢᠯᠡᠭᠴᠢ ᠸ ∙ ᠸ ∙ ᠫᠦᠲ᠋ᠢᠨ᠂ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠳᠠᠷᠤᠭ᠎ᠠ ᠱᠢ ᠵᠢᠩ ᠫᠢᠩ ᠨᠠᠷ ᠲᠠᠢ ᠮᠣᠩᠭ᠋ᠣᠯ -ᠣᠷᠣᠰ-ᠬᠢᠲᠠᠳ ᠤᠨ ᠭᠤᠷᠪᠠᠨ ᠲᠠᠯᠠᠳᠤ ᠳᠡᠭᠡᠳᠦ ᠲᠦᠪᠰᠢᠨ ᠦ ᠡᠭᠡᠯᠵᠢᠲᠦ ᠳᠥᠷᠪᠡᠳᠦᠭᠡᠷ ᠠᠭᠤᠯᠵᠠᠯᠲᠠ ᠢᠢ ᠬᠢᠵᠦ᠂ ᠱᠠᠩᠬᠠᠢ ᠢᠢᠨ ᠬᠠᠮᠲᠤ ᠢᠢᠨ ᠠᠵᠢᠯᠯᠠᠭᠠᠨ ᠤ ᠪᠠᠢᠢᠭᠤᠯᠤᠯᠭ᠎ᠠ ᠢᠢᠨ ᠭᠡᠰᠢᠭᠦᠨ᠂ ᠣᠷᠣᠯᠴᠠᠭᠴᠢ ᠣᠷᠣᠨ ᠨᠤᠭᠤᠳ ᠪᠣᠯᠤᠨ ᠣᠯᠠᠨ ᠤᠯᠤᠰ ᠤᠨ ᠪᠠᠢᠢᠭᠤᠯᠤᠯᠭ᠎ᠠ ᠨᠤᠭᠤᠳ ᠤᠨ ᠲᠥᠯᠥᠭᠡᠯᠡᠭᠴᠢᠳ ᠦᠨ ᠲᠡᠷᠢᠭᠦᠨ ᠨᠠᠷ ᠤᠨ ᠥᠷᠭᠡᠳᠬᠡᠭ᠍ᠰᠡᠨ ᠬᠤᠷᠠᠯᠳᠤᠭᠠᠨ ᠳᠤ ᠣᠷᠣᠯᠴᠠᠨ ᠦᠭᠡ ᠬᠡᠯᠡᠭᠰᠡᠨ ᠶᠤᠮ᠃

ᠮᠥᠨ ᠮᠣᠩᠭ᠋ᠣᠯ  ᠤᠯᠤᠰ ᠤᠨ ᠶᠡᠷᠦᠩᠬᠡᠢᠢᠯᠡᠭᠴᠢ ᠪᠦᠭᠦᠳᠡ ᠨᠠᠢᠢᠷᠠᠮᠳᠠᠬᠤ ᠪᠧᠯᠠᠷᠤᠢᠰ ᠤᠯᠤᠰ᠍ ᠤᠨ ᠶᠡᠷᠦᠩᠬᠡᠢᠢᠯᠡᠭᠴᠢ ᠠᠯᠧᠺᠰᠠᠨ᠋ᠳ᠋ᠷ ᠭᠷᠢᠭᠣᠷᠢᠶᠧᠸᠢᠴ ᠯᠤᠢᠺᠠᠱᠧᠨ᠋ᠺᠣ᠂ ᠣᠷᠣᠰ ᠤᠨ ᠬᠣᠯᠪᠣᠭᠠᠨ ᠤ ᠤᠯᠤᠰ ᠤᠨ ᠶᠡᠷᠦᠩᠬᠡᠢᠢᠯᠡᠭᠴᠢ ᠸ ∙ ᠸ ∙ ᠫᠦᠲ᠋ᠢᠨ᠂ ᠢᠰᠯᠠᠮ ᠤᠨ ᠪᠦᠭᠦᠳᠡ ᠨᠠᠢᠢᠷᠠᠮᠳᠠᠬᠤ ᠢᠷᠡᠨ ᠤᠯᠤᠰ ᠤᠨ ᠶᠡᠷᠦᠩᠬᠡᠢᠢᠯᠡᠭᠴᠢ ᠬᠠᠰᠰᠠᠨ ᠷᠤᡁᠠᠨᠢ᠂ ᠪᠦᠭᠦᠳᠡ ᠨᠠᠢᠢᠷᠠᠮᠳᠠᠬᠤ ᠺᠢᠷᠭᠢᠽ ᠤᠯᠤᠰ ᠤᠨ ᠶᠡᠷᠦᠩᠬᠡᠢᠢᠯᠡᠭᠴᠢ ᠰᠣᠣᠷᠤᠨ᠋ᠪᠠᠢ ᠱᠠᠷᠢᠫᠣᠸᠢᠴ ᠵᠧᠧᠨ᠋ᠪᠧᠺᠣᠸ᠂ ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ ᠤᠨ ᠶᠡᠷᠦᠩᠬᠡᠢ ᠰᠠᠢᠢᠳ ᠨᠠᠷᠧᠨ᠋ᠳ᠋ᠷᠠ ᠮᠣᠳᠢ᠂ ᠪᠦᠭᠦᠳᠡ ᠨᠠᠢᠢᠷᠠᠮᠳᠠᠬᠤ ᠺᠠᠽᠠᠭᠰᠲ᠋ᠠᠨ ᠤᠯᠤᠰ ᠤᠨ ᠶᠡᠷᠦᠩᠬᠡᠢᠢᠯᠡᠭᠴᠢ ᠨ ∙ ᠠ᠊ ∙ ᠨᠠᠽᠠᠷᠪᠠᠧᠸ᠂ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠳᠠᠷᠤᠭ᠎ᠠ ᠱᠢ ᠵᠢᠩ ᠫᠢᠩ ᠨᠠᠷ ᠲᠠᠢ ᠬᠣᠶᠠᠷ ᠲᠠᠯ᠎ᠠ ᠢᠢᠨ ᠠᠭᠤᠯᠵᠠᠯᠲᠠ ᠬᠢᠵᠦ᠂ ᠲᠣᠳᠣᠷᠬᠠᠢ ᠠᠰᠠᠭᠤᠳᠠᠯ ᠤᠳ ᠢᠶᠠᠷ ᠰᠠᠨᠠᠯ ᠰᠣᠯᠢᠯᠴᠠᠭᠰᠠᠨ ᠶᠤᠮ᠃