Та "Internet explorer"-ийн сүүлийн хувилбар болох "Microsoft edge"-г ашиглана уу

Хэрэв "Microsoft edge"-г татах бол энд дарж татаж авна уу

thumbnail heleltsee.1
heleltsee.1
ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊᠂ ᠬᠦᠷᠡᠯᠰᠦ᠋ᠬᠡ᠂ ᠪᠦᠭᠦᠳᠡ ᠨᠠᠢᠢᠷᠠᠮᠳᠠᠬᠤ ᠺᠢᠷᠭᠢᠽ ᠤᠯᠤᠰ ᠤᠨ ᠶᠡᠷᠦᠩᠬᠡᠢᠢᠯᠡᠭᠴᠢ ᠰ᠂ ᠨ᠂ ᠵᠠᠫᠠᠷᠤᠸ ᠲᠠᠢ ᠠᠯᠪᠠᠨ ᠶᠣᠰᠣᠨ ᠤ ᠬᠡᠯᠡᠯᠴᠡᠭᠡ ᠬᠢᠪᠡ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠢᠢᠨ ᠤᠷᠢᠯᠭ᠎ᠠ ᠪᠠᠷ ᠪᠦᠭᠦᠳᠡ ᠨᠠᠢᠢᠷᠠᠮᠳᠠᠬᠤ ᠺᠢᠷᠭᠢᠽ ᠤᠯᠤᠰ ᠤᠨ ᠶᠡᠷᠦᠩᠬᠡᠢᠢᠯᠡᠭᠴᠢ ᠰ᠂ ᠨ᠂ ᠵᠠᠫᠠᠷᠤᠸ 2023 ᠣᠨ ᠤ 07 ᠳ᠋ᠤᠭᠠᠷ ᠰᠠᠷ᠎ᠠ ᠢᠢᠨ 09-11 ᠍ ᠦ ᠡᠳᠦᠷ ᠦᠳ ᠲᠥ ᠲᠥᠷᠥ ᠢᠢᠨ ᠠᠢᠢᠯᠴᠢᠯᠠᠯ ᠬᠢᠵᠦ ᠪᠠᠢᠢᠨ᠎ᠠ᠃

ᠬᠡᠯᠡᠯᠴᠡᠭᠡᠨ ᠦ ᠦᠶ᠎ᠡ ᠪᠡᠷ ᠬᠠᠷᠢᠯᠴᠠᠭ᠎ᠠ᠂ ᠬᠠᠮᠲᠤ ᠢᠢᠨ ᠠᠵᠢᠯᠯᠠᠭᠠᠨ ᠤ ᠥᠨᠥ ᠢᠢᠨ ᠪᠠᠢᠢᠳᠠᠯ ᠳᠤ ᠦᠨᠡᠯᠡᠯᠲᠡ᠂ ᠳ᠋ᠦᠩᠨᠡᠯᠲᠡ ᠥᠭᠴᠦ᠂ ᠤᠯᠤᠰ ᠲᠥᠷᠥ᠂ ᠬᠤᠳᠠᠯᠳᠤᠭ᠎ᠠ᠂ ᠡᠳ᠋ ᠍ ᠦᠨ ᠵᠠᠰᠠᠭ᠂ ᠲᠡᠭᠡᠭᠡᠪᠦᠷᠢ᠂ ᠯᠣᠵᠢᠰᠲ᠋ᠢᠭ᠂ ᠬᠥᠳᠡᠭᠡ ᠠᠵᠤ ᠠᠬᠤᠢ᠂ ᠰᠤᠶᠤᠯ᠂ ᠠᠶᠠᠯᠠᠯ ᠵᠢᠭᠤᠯᠴᠢᠯᠠᠯ ᠵᠡᠷᠭᠡ ᠰᠠᠯᠪᠤᠷᠢ ᠢᠢᠨ ᠬᠠᠷᠢᠯᠴᠠᠭ᠎ᠠ ᠢᠢ ᠥᠷᠭᠡᠵᠢᠭᠦᠯᠦᠨ ᠬᠥᠭ᠍ᠵᠢᠭᠦᠯᠬᠦ᠂ ᠪᠥᠰᠡ ᠨᠤᠲᠤᠭ ᠪᠣᠯᠤᠨ ᠣᠯᠠᠨ ᠲᠠᠯᠠᠲᠤ ᠬᠠᠮᠲᠤ ᠢᠢᠨ

thumbnail ailchlal ehlev.1
ailchlal ehlev.1
ᠪᠦᠭᠦᠳᠡ ᠨᠠᠢᠢᠷᠠᠮᠳᠠᠬᠤ ᠺᠢᠷᠭᠢᠽ ᠤᠯᠤᠰ ᠤᠨ ᠶᠡᠷᠦᠩᠬᠡᠢᠢᠯᠡᠭᠴᠢ ᠰ᠂ ᠨ᠂ ᠵᠠᠫᠠᠷᠤᠸ ᠤᠨ ᠲᠥᠷᠥ ᠢᠢᠨ ᠠᠢᠢᠯᠴᠢᠯᠠᠯ ᠡᠬᠢᠯᠡᠯ᠎ᠡ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠢᠢᠨ ᠤᠷᠢᠯᠭ᠎ᠠ ᠪᠠᠷ ᠪᠦᠭᠦᠳᠡ ᠨᠠᠢᠢᠷᠠᠮᠳᠠᠬᠤ ᠺᠢᠷᠭᠢᠽ ᠤᠯᠤᠰ ᠤᠨ ᠶᠡᠷᠦᠩᠬᠡᠢᠢᠯᠡᠭᠴᠢ ᠰ᠂ ᠨ᠂ ᠵᠠᠫᠠᠷᠤᠸ 2023 ᠣᠨ ᠤ 07 ᠳ᠋ᠤᠭᠠᠷ ᠰᠠᠷ᠎ᠠ ᠢᠢᠨ 09-11 ᠍ ᠦ ᠡᠳᠦᠷ ᠦᠳ ᠲᠥ ᠮᠣᠩ᠋ᠭᠣᠯ ᠤᠯᠤᠰ ᠲᠤ ᠲᠥᠷᠦ ᠢᠢᠨ ᠠᠢᠢᠯᠴᠢᠯᠠᠯ ᠬᠢᠵᠦ ᠪᠠᠢᠢᠨ᠎ᠠ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠪᠦᠭᠦᠳᠡ ᠨᠠᠢᠢᠷᠠᠮᠳᠠᠬᠤ ᠺᠢᠷᠭᠢᠽ ᠤᠯᠤᠰ  ᠤᠨ ᠶᠡᠷᠦᠩᠬᠡᠢᠢᠯᠡᠭᠴᠢ ᠰ᠂ ᠨ᠂ ᠵᠠᠫᠠᠷᠤᠸ ᠢᠢ ᠵᠠᠩᠵᠤᠨ ᠲᠡ‍᠂ ᠰᠦᠬᠡᠪᠠᠭᠠᠲᠤᠷ ᠤᠨ ᠲᠠᠯᠠᠪᠠᠢ ᠳᠤ ᠤᠭᠲᠤᠨ ᠠᠪᠤᠯ᠎ᠠ᠃ ᠲᠥᠷᠥ ᠢᠢᠨ ᠬᠦᠨᠳᠦᠳᠥ ᠬᠠᠷᠠᠭᠤᠯ ᠤᠨ ᠵᠠᠬᠢᠷᠤᠭᠴᠢ ᠠᠢᠢᠯᠠᠳᠬᠠᠯ ᠡᠷᠭᠦᠭ᠍ᠰᠡᠨ ᠦ ᠳᠠᠷᠠᠭ᠎ᠠ ᠬᠥᠭ᠍ᠵᠢᠮ ᠳ᠋ᠥ ᠬᠣᠶᠠᠷ ᠣᠷᠣᠨ ᠤ ᠲᠥᠷᠥ ᠢᠢᠨ ᠳᠠᠭᠤᠯᠠᠯ

thumbnail japarov irlee.1
japarov irlee.1
ᠪᠦᠭᠦᠳᠡ ᠨᠠᠢᠢᠷᠠᠮᠳᠠᠬᠤ ᠺᠢᠷᠭᠢᠽ ᠤᠯᠤᠰ ᠤᠨ ᠶᠡᠷᠦᠩᠬᠡᠢᠢᠯᠡᠭᠴᠢ ᠰ᠂ ᠨ᠂ ᠵᠠᠫᠠᠷᠤᠸ ᠮᠣᠩ᠋ᠭᠣᠯ ᠤᠯᠤᠰ ᠲᠤ ᠬᠦᠷᠦᠯᠴᠡᠨ ᠢᠷᠡᠪᠡ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠢᠢᠨ ᠤᠷᠢᠯᠭ᠎ᠠ ᠪᠠᠷ ᠪᠦᠭᠦᠳᠡ ᠨᠠᠢᠢᠷᠠᠮᠳᠠᠬᠤ ᠺᠢᠷᠭᠢᠽ ᠤᠯᠤᠰ ᠤᠨ ᠶᠡᠷᠦᠩᠬᠡᠢᠢᠯᠡᠭᠴᠢ ᠰ᠂ ᠨ᠂ ᠵᠠᠫᠠᠷᠤᠸ 2023 ᠣᠨ ᠤ 07 ᠳ᠋ᠤᠭᠠᠷ ᠰᠠᠷ᠎ᠠ ᠢᠢᠨ 09-11 ᠍ ᠦ ᠡᠳᠦᠷ ᠦᠳ ᠲᠥ ᠲᠥᠷᠦ ᠢᠢᠨ ᠠᠢᠢᠯᠴᠢᠯᠠᠯ ᠬᠢᠬᠦ ᠪᠡᠷ ᠬᠦᠷᠦᠯᠴᠡᠨ ᠢᠷᠡᠪᠡ᠃

ᠶᠡᠷᠦᠩᠬᠡᠢᠢᠯᠡᠭᠴᠢ ᠰ᠂ ᠨ᠂ ᠵᠠᠫᠠᠷᠤᠸ  ᠢᠢ 《ᠴᠢᠩ᠋ᠭᠢᠰ ᠬᠠᠭᠠᠨ》 ᠣᠯᠠᠨ ᠤᠯᠤᠰ ᠤᠨ ᠨᠢᠰᠬᠦ ᠣᠩ᠋ᠭᠣᠴᠠᠨ ᠤ ᠪᠠᠭᠤᠳᠠᠯ ᠳᠤ ᠭᠠᠳᠠᠭᠠᠳᠤ ᠬᠠᠷᠢᠯᠴᠠᠭᠠᠨ ᠤ ᠰᠠᠢᠢᠳ ᠪᠠ‍᠂ ᠪᠠᠲᠤᠴᠡᠴᠡᠭ᠂ ᠮᠣᠩ᠋ᠭᠣᠯ ᠤᠯᠤᠰ ᠠᠴᠠ ᠪᠦᠭᠦᠳᠡ ᠨᠠᠢᠢᠷᠠᠮᠳᠠᠬᠤ ᠺᠢᠷᠭᠢᠽ ᠤᠯᠤᠰ ᠲᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠰ᠂ ᠭᠠᠩᠬᠤᠶᠠᠭ ᠪᠣᠯᠤᠨ ᠠᠯᠪᠠᠨ ᠤ

thumbnail india.1
india.1
ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊᠂ ᠬᠦᠷᠡᠯᠰᠦ᠋ᠬᠡ ᠪᠦᠭᠦᠳᠡ ᠨᠠᠢᠢᠷᠠᠮᠳᠠᠬᠤ ᠡᠨᠡᠳᠬᠡᠭ ᠤᠯᠤᠰ ᠤᠨ ᠫᠠᠷᠯᠠᠮᠧᠨᠲ ᠤᠨ ᠳᠣᠤᠷᠠᠳᠤ ᠲᠠᠩᠬᠢᠮ ᠯᠣᠺ ᠰᠠᠪᠠᠾᠠ ᠦᠨ ᠳᠠᠷᠤᠭ᠎ᠠ ᠢᠢ ᠬᠦᠯᠢᠶᠡᠨ ᠠᠪᠴᠤ ᠠᠭᠤᠯᠵᠠᠪᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ ᠤᠨ ᠫᠠᠷᠯᠠᠮᠧᠨᠲ ᠤᠨ ᠳᠣᠤᠷᠠᠳᠤ ᠲᠠᠩᠬᠢᠮ ᠯᠣᠺ ᠰᠠᠪᠠᠾᠠ  ᠦᠨ ᠳᠠᠷᠤᠭ᠎ᠠ ᠣᠮ ᠪᠢᠷᠯᠠ ᠢᠢ ᠬᠦᠯᠢᠶᠡᠨ ᠠᠪᠴᠤ ᠠᠭᠤᠯᠵᠠᠪᠠ᠃

ᠮᠣᠩ᠋ᠭᠣᠯ ᠤᠯᠤᠰ 《ᠣᠶᠤᠨ ᠰᠠᠨᠠᠭᠠᠨ ᠤ ᠬᠥᠷᠰᠢ》᠂ 《ᠭᠤᠷᠪᠠᠳᠠᠭᠴᠢ ᠬᠥᠷᠰᠢ》᠂ ᠪᠦᠰᠡ ᠨᠤᠲᠤᠭ ᠳ᠋ᠠᠬᠢ ᠴᠢᠬᠤᠯᠠ ᠲᠦᠩᠰᠢ ᠡᠨᠡᠳᠬᠡᠭ᠌ ᠤᠯᠤᠰ ᠲᠠᠢ ᠬᠥᠭ᠍ᠵᠢᠭᠦᠯᠵᠦ ᠪᠤᠢ 《ᠰᠲ᠋ᠷᠠᠲ᠋ᠧᠭᠢ ᠢᠢᠨ ᠲᠦᠩᠰᠢᠯᠡᠯ》 ᠍ ᠤᠨ ᠬᠠᠷᠢᠯᠴᠠᠭᠠᠨ ᠳᠤ ᠲᠡᠷᠢᠭᠦᠯᠡᠬᠦ ᠠᠴᠢ ᠬᠣᠯᠪᠣᠭᠳᠠᠯ ᠥᠭᠳᠡᠭ ᠢ ᠶᠡᠷᠦᠩᠬᠡᠢᠢᠯᠡᠭᠴᠢ ᠲᠡᠮᠳᠡᠭᠯᠡᠪᠡ᠃

ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠠᠶᠤᠯ ᠦᠭᠡᠢ ᠪᠠᠢᠢᠳᠠᠯ᠂ ᠪᠠᠲᠤᠯᠠᠨ ᠬᠠᠮᠠᠭᠠᠯᠠᠬᠤ᠂ ᠪᠣᠯᠪᠠᠰᠤᠷᠠᠯ᠂ ᠰᠣᠶᠣᠯ ᠤᠨ ᠰᠠᠯᠪᠤᠷᠢ ᠲᠤ ᠲᠦᠯᠬᠢᠭᠦᠦ ᠬᠥᠭ᠍ᠵᠢᠵᠦ ᠪᠤᠢ ᠢᠢ ᠲᠡᠮᠳᠡᠭᠯᠡᠭᠡᠳ᠂ ᠴᠢᠨᠠᠬᠰᠢᠳᠠ

thumbnail pap.1
pap.1
ᠭᠡᠭᠡᠨ ᠰᠢᠷᠡᠭᠡᠲᠦ ᠤᠯᠤᠰ ᠤᠨ ᠲᠥᠷᠥ ᠢᠢᠨ ᠲᠡᠷᠢᠭᠦᠨ ᠫᠠᠫ ᠹᠷᠠᠨᠼᠢᠰ ᠤᠨ ᠮᠣᠩ᠋ᠭᠣᠯ ᠤᠯᠤᠰ ᠲᠤ ᠬᠢᠬᠦ ᠲᠥᠷᠥ ᠢᠢᠨ ᠠᠢᠢᠯᠴᠢᠯᠠᠯ ᠤᠨ ᠬᠥᠲᠥᠯᠪᠦᠷᠢ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠢᠢᠨ ᠤᠷᠢᠯᠭ᠎ᠠ ᠪᠠᠷ ᠭᠡᠭᠡᠨ ᠰᠢᠷᠡᠭᠡᠲᠦ ᠤᠯᠤᠰ ᠤᠨ ᠲᠥᠷᠥ ᠢᠢᠨ ᠲᠡᠷᠢᠭᠦᠨ ᠫᠠᠫ ᠹᠷᠠᠨᠼᠢᠰ ᠮᠣᠩ᠋ᠭᠣᠯ ᠤᠯᠤᠰ ᠲᠤ 2023 ᠣᠨ ᠤ 08 ᠳ᠋ᠤᠭᠠᠷ ᠰᠠᠷ᠎ᠠ ᠢᠢᠨ 31 ᠍ ᠦ ᠡᠳᠦᠷ ᠡᠴᠡ 09 ᠳ᠋ᠤᠭᠡᠷ ᠰᠠᠷ᠎ᠠ ᠢᠢᠨ 04 ᠍ ᠦ ᠡᠳᠦᠷ ᠦᠳ ᠲᠥ ᠳᠠᠷᠠᠭᠠᠬᠢ ᠬᠥᠲᠥᠯᠪᠦᠷᠢ ᠢᠢᠨ ᠳᠠᠭᠠᠭᠤ ᠲᠥᠷᠥ ᠢᠢᠨ ᠠᠢᠢᠯᠴᠢᠯᠠᠯ ᠬᠢᠨ᠎ᠡ᠃

ᠭᠡᠭᠡᠨ ᠰᠢᠷᠡᠭᠡᠲᠦ ᠤᠯᠤᠰ ᠤᠨ ᠲᠥᠷᠥ ᠢᠢᠨ ᠲᠡᠷᠢᠭᠦᠨ ᠫᠠᠫ ᠹᠷᠠᠨᠼᠢᠰ ᠤᠨ ᠮᠣᠩ᠋ᠭᠣᠯ ᠤᠯᠤᠰ ᠲᠤ ᠬᠢᠬᠦ ᠲᠥᠷᠥ ᠢᠢᠨ ᠠᠢᠢᠯᠴᠢᠯᠠᠯ ᠤᠨ ᠬᠥᠲᠥᠯᠪᠦᠷᠢ

(2023 ᠣᠨ ᠤ 8 ᠳ᠋ᠤᠭᠠᠷ ᠰᠠᠷ᠎ᠠ ᠢᠢᠨ 31 ᠡᠴᠡ 9 ᠳ᠋ᠤᠭᠡᠷ ᠰᠠᠷ᠎ᠠ ᠢᠢᠨ 4 ᠍ ᠦ ᠡᠳᠦᠷ ᠦᠳ)

ᠫᠦᠷᠪᠦ ᠭᠠᠷᠠᠭ᠂ 08

thumbnail baatar.1
baatar.1
ᠠᠷᠠᠳ ᠤᠨ ᠵᠦᠵᠦᠭᠡᠴᠢᠨ᠂ ᠺᠢᠨᠤ‍ ᠨᠠᠶᠢᠷᠠᠭᠤᠯᠤᠭᠴᠢ ᠭᠤ‍᠂ ᠵᠢᠭᠵᠢᠳᠰᠦ᠋ᠷᠦᠩ ᠳᠥ ᠬᠥᠳᠡᠯᠮᠦᠷᠢ ᠶᠢᠨ ᠪᠠᠭᠠᠲᠤᠷ ᠴᠣᠯᠠ ᠬᠦᠷᠲᠡᠭᠡᠪᠡ

ᠮᠣᠩ᠋ᠭᠣᠯ ᠤᠯᠤᠰ ᠤᠨ ᠶᠡᠷᠦᠩᠬᠡᠶᠢᠯᠡᠭᠴᠢ ᠤᠬᠤᠨ᠎ᠠ ᠶᠢᠨ ᠬᠦᠷᠡᠯᠰᠦ᠋ᠬᠡ ᠵᠠᠷᠯᠢᠭ ᠭᠠᠷᠭᠠᠨ ᠮᠣᠩ᠋ᠭᠣᠯ ᠤᠨ ᠠᠷᠠᠳ ᠲᠦᠮᠡᠨ ᠦ ᠰᠡᠳᠬᠢᠯ ᠵᠢᠷᠦᠬᠡᠨ ᠳᠥ ᠬᠣᠨᠣᠭᠰᠢᠭᠰᠠᠨ ᠣᠯᠠᠨ ᠠᠷᠪᠠᠨ ᠳᠡᠯᠭᠡᠴᠡ ᠶᠢᠨ ᠪᠦᠲᠦᠭᠡᠯ ᠢ ᠨᠠᠶᠢᠷᠠᠭᠤᠯᠤᠨ ᠦᠵᠡᠭᠴᠢᠳ ᠦᠨ ᠬᠦᠷᠲᠡᠭᠡᠯ ᠪᠣᠯᠭᠠᠵᠤ᠂ ᠤᠷᠠᠯᠢᠭ ᠰᠤᠳᠤᠯᠤᠯ᠂ ᠡᠷᠳᠡᠮ ᠰᠢᠨᠵᠢᠯᠡᠭᠡᠨ ᠦ ᠥᠭᠦᠯᠡᠯ᠂ ᠰᠢᠭᠦᠮᠵᠢ ᠪᠢᠴᠢᠨ᠂ ᠺᠢᠨᠣ᠋ ᠤᠷᠠᠯᠢᠭ ᠤᠨ ᠰᠠᠯᠪᠤᠷᠢ ᠶᠢᠨ ᠮᠡᠷᠭᠡᠵᠢᠯᠲᠡᠨ ᠨᠦᠭᠦᠳ ᠢ ᠪᠡᠯᠡᠳᠬᠡᠬᠦ ᠳᠥ ᠮᠡᠳᠡᠯᠭᠡ ᠴᠢᠳᠠᠪᠤᠷᠢ ᠪᠠᠨ ᠳᠠᠶᠢᠴᠢᠯᠠᠨ ᠠᠵᠢᠯᠯᠠᠵᠤ᠂ ᠰᠤᠶᠤᠯ ᠤᠨ ᠪᠦᠲᠦᠭᠡᠯᠴᠢ ᠦᠢᠯᠡᠳᠪᠦᠷᠢᠯᠡᠯ ᠢ ᠬᠥᠭ᠍ᠵᠢᠭᠦᠯᠬᠦ ᠳᠥ ᠦᠨᠡᠲᠡᠢ ᠬᠤᠪᠢ ᠨᠡᠮᠡᠷᠢ ᠣᠷᠣᠭᠤᠯᠤᠭᠰᠠᠨ᠂ ᠺᠢᠨᠣ᠋ ᠤᠷᠠᠯᠢᠭ ᠤᠨ ᠳᠡᠭᠡᠳᠦ ᠰᠤᠷᠭᠠᠭᠤᠯᠢ ᠶᠢᠨ ᠪᠠᠭᠰᠢ᠂ ᠮᠣᠩ᠋ᠭᠣᠯ ᠤᠯᠤᠰ ᠤᠨ ᠠᠷᠠᠳ ᠤᠨ ᠵᠦᠵᠦᠭᠡᠴᠢᠨ᠂ ᠺᠢᠨᠣ᠋ ᠨᠠᠶᠢᠷᠠᠭᠤᠯᠤᠭᠴᠢ ᠭᠣᠮᠪᠣᠵᠠᠪ ᠤᠨ ᠵᠢᠭᠵᠢᠳᠰᠦ᠋ᠷᠦᠩ ᠳᠥ ᠮᠣᠩ᠋ᠭᠣᠯ ᠤᠯᠤᠰ ᠤᠨ