Та "Internet explorer"-ийн сүүлийн хувилбар болох "Microsoft edge"-г ашиглана уу

Хэрэв "Microsoft edge"-г татах бол энд дарж татаж авна уу

thumbnail 19.7.10 Vietnam
19.7.10 Vietnam
ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠪᠦᠭᠦᠳᠡ ᠨᠠᠢᠢᠷᠠᠮᠳᠠᠬᠤ ᠰᠣᠼᠢᠶᠠᠯᠢᠰᠲ ᠸᠢᠶᠧᠲ᠋ᠨᠠᠮ ᠤᠯᠤᠰ ᠤᠨ ᠨᠡᠢᠢᠭᠡᠮ ᠤᠨ ᠠᠶᠤᠯ ᠦᠭᠡᠢ ᠪᠠᠢᠢᠳᠠᠯ ᠤᠨ ᠰᠠᠢᠢᠳ ᠲᠣ᠋ ᠯᠠᠮ ᠢ ᠬᠦᠯᠢᠶᠡᠨ ᠠᠪᠴᠤ ᠠᠭᠤᠯᠵᠠᠪᠠ

ᠬᠠᠤᠯᠢ ᠵᠦᠢ᠂ ᠳᠣᠲᠣᠭᠠᠳᠤ ᠬᠡᠷᠡᠭ ᠦᠨ ᠰᠠᠢᠢᠳ ᠴ ∙ ᠨᠢᠮᠠᠳᠣᠷᠵᠢ᠂ ᠦᠨᠳᠦᠰᠦᠨ ᠦ ᠠᠶᠤᠯ ᠦᠭᠡᠢ ᠪᠠᠢᠢᠳᠠᠯ ᠤᠨ ᠵᠥᠪᠯᠡᠯ ᠦᠨ ᠨᠠᠷᠢᠨ ᠪᠢᠴᠢᠭ᠌ ᠦᠨ ᠳᠠᠷᠤᠭ᠎ᠠ ᠠ᠊ ∙ ᠭᠠᠩᠰᠦ᠋ᠬᠡ ᠨᠠᠷ ᠤᠨ ᠤᠷᠢᠯᠭ᠎ᠠ ᠪᠠᠷ ᠡᠨᠡ ᠰᠠᠷ᠎ᠠ ᠢᠢᠨ 9-12 ᠍ ᠤ ᠡᠳᠦᠷ ᠦᠳ ᠲᠥ ᠮᠣᠩ᠋ᠭᠣᠯ ᠤᠯᠤᠰ ᠲᠤ ᠠᠢᠢᠯᠴᠢᠯᠠᠵᠤ ᠪᠠᠢᠢᠭ᠎ᠠ ᠪᠦᠭᠦᠳᠡ ᠨᠠᠢᠢᠷᠠᠮᠳᠠᠬᠤ ᠰᠣᠼᠴᠢᠶᠠᠯᠢᠰᠲ ᠸᠢᠶᠧᠲ᠋ᠨᠠᠮ ᠤᠯᠤᠰ ᠤᠨ ᠨᠡᠢᠢᠭᠡᠮ ᠦᠨ ᠠᠶᠤᠯ ᠦᠭᠡᠢ ᠪᠠᠢᠢᠳᠠᠯ ᠤᠨ ᠰᠠᠢᠢᠳ ᠲᠣ᠋ ᠯᠠᠮ ᠢ ᠥᠨᠥᠳᠥᠷ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠬᠦᠯᠢᠶᠡᠨ ᠠᠪᠴᠤ ᠠᠭᠤᠯᠵᠠᠯ᠎ᠠ᠃

ᠠᠭᠤᠯᠵᠠᠯᠲᠠ ᠢᠢᠨ ᠡᠬᠢᠨ ᠳᠥ ᠨᠣᠶᠠᠨ ᠲᠣ᠋ ᠯᠠᠮ ᠠᠢᠢᠯᠴᠢᠯᠠᠯ ᠤᠨ ᠢᠶᠠᠨ ᠬᠦᠷᠢᠶᠡᠨ ᠳᠥ ᠬᠠᠤᠯᠢ ᠵᠦᠢ᠂ ᠳᠣᠲᠣᠭᠠᠳᠤ

thumbnail 19.7.10-Dalbaa
19.7.10-Dalbaa
ᠮᠣᠩ᠋ᠭᠣᠯ ᠤᠯᠤᠰ ᠤᠨ ᠶᠡᠷᠦᠩᠬᠡᠢᠢᠯᠡᠭᠴᠢ᠂ ᠵᠡᠪᠰᠡᠭᠲᠦ ᠬᠦᠴᠦᠨ ᠦ ᠶᠡᠷᠦᠩᠬᠡᠢ ᠺᠣᠮᠠᠨ᠋ᠳ᠋ᠯᠠᠭᠴᠢ ᠬ ∙ ᠪᠠᠲᠤᠲᠤᠯᠭ᠎ᠠ ᠲᠥᠷᠥ ᠢᠢᠨ ᠳᠠᠯᠪᠠᠭᠠᠨ ᠤ ᠡᠳᠦᠷ ᠲᠥ ᠵᠣᠷᠢᠭᠤᠯᠤᠭᠰᠠᠨ ᠴᠡᠷᠢᠭ ᠦᠨ ᠶᠣᠰᠣᠯᠠᠯ ᠤᠨ ᠵᠢᠭᠰᠠᠭᠠᠯ ᠤᠨ ᠨᠡᠭᠡᠭᠡᠯᠲᠡ ᠳᠥ ᠣᠷᠣᠯᠴᠠᠵᠤ᠂ ᠦᠭᠡ ᠬᠡᠯᠡᠯ᠎ᠡ

ᠮᠣᠩ᠋ᠭᠣᠯ ᠤᠯᠤᠰ ᠤᠨ ᠶᠡᠷᠦᠩᠬᠡᠢᠢᠯᠡᠭᠴᠢ᠂ ᠵᠡᠪᠰᠡᠭᠲᠦ ᠬᠦᠴᠦᠨ ᠦ ᠶᠡᠷᠦᠩᠬᠡᠢ ᠺᠣᠮᠠᠨ᠋ᠳ᠋ᠯᠠᠭᠴᠢ ᠬ ∙ ᠪᠠᠲᠤᠲᠤᠯᠭ᠎ᠠ ᠥᠨᠥᠳᠥᠷ ᠲᠣᠬᠢᠶᠠᠵᠤ ᠪᠤᠢ ᠮᠣᠩ᠋ᠭᠣᠯ ᠤᠯᠤᠰ ᠤᠨ ᠲᠥᠷᠥ ᠢᠢᠨ ᠳᠠᠯᠪᠠᠭᠠᠨ ᠤ ᠡᠳᠦᠷ ᠲᠥ ᠵᠣᠷᠢᠭᠤᠯᠤᠭᠰᠠᠨ ᠴᠡᠷᠢᠭ ᠦᠨ ᠶᠣᠰᠣᠯᠠᠯ ᠤᠨ ᠵᠢᠭ᠌ᠰᠠᠭᠠᠯ ᠢ ᠨᠡᠭᠡᠭᠡᠵᠦ ᠦᠭᠡ ᠬᠡᠯᠡᠯ᠎ᠡ᠃

ᠲᠥᠷᠥ ᠢᠢᠨ ᠳᠠᠯᠪᠠᠭᠠᠨ ᠤ ᠡᠳᠦᠷ ᠲᠦ ᠵᠣᠷᠢᠭᠤᠯᠤᠭᠰᠠᠨ ᠴᠡᠷᠢᠭ ᠦᠨ ᠶᠣᠰᠣᠯᠠᠯ ᠤᠨ ᠵᠢᠭᠰᠠᠭᠠᠯ ᠤᠨ ᠨᠡᠭᠡᠭᠡᠯᠲᠡ ᠢᠢᠨ ᠶᠣᠰᠣᠯᠠᠯ ᠳᠤ ᠮᠣᠩ᠋ᠭᠣᠯ ᠤᠯᠤᠰ ᠤᠨ ᠶᠡᠷᠦᠩᠬᠡᠢᠢᠯᠡᠭᠴᠢ᠂ ᠵᠡᠪᠰᠡᠭᠲᠦ ᠬᠦᠴᠦᠨ ᠦ ᠶᠡᠷᠦᠩᠬᠡᠢ ᠺᠣᠮᠠᠨ᠋ᠳ᠋ᠯᠠᠭᠴᠢ ᠬ ∙ ᠪᠠᠲᠤᠲᠤᠯᠭ᠎ᠠ᠂ ᠤᠯᠤᠰ ᠤᠨ ᠶᠡᠬᠡ ᠬᠤᠷᠠᠯ ᠤᠨ ᠳᠠᠷᠤᠭ᠎ᠠ ᠭ ∙ ᠽᠠᠨᠳᠠᠨᠰᠢᠲᠠᠷ᠂ ᠶᠡᠷᠦᠩᠬᠡᠢ ᠰᠠᠢᠢᠳ ᠤ᠊ ∙ ᠬᠦᠷᠦᠯᠰᠦ᠋ᠬᠡ᠂ ᠵᠠᠰᠠᠭ ᠤᠨ ᠭᠠᠵᠠᠷ᠂ ᠤᠯᠤᠰ ᠤᠨ ᠶᠡᠬᠡ

thumbnail 19.7.08-Order
19.7.08-Order
ᠦᠨᠳᠦᠰᠦᠨ ᠦ ᠶᠡᠬᠡ ᠪᠠᠶᠠᠷ ᠨᠠᠭᠠᠳᠤᠮ ᠢ ᠲᠣᠬᠢᠶᠠᠯᠳᠤᠭᠤᠯᠤᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠵᠠᠷᠯᠢᠭ ᠭᠠᠷᠭᠠᠵᠤ ᠲᠥᠷᠥ ᠢᠢᠨ ᠳᠡᠭᠡᠳᠦ ᠴᠣᠯᠠ᠂ ᠣᠳᠣᠨ᠂ ᠮᠧᠳᠠᠯ ᠭᠠᠷᠳᠠᠭᠤᠯᠤᠯ᠎ᠠ

ᠲᠤᠯᠭᠤᠷ ᠲᠥᠷᠥ ᠢᠢᠨ 2228 ᠵᠢᠯ᠂ ᠶᠡᠬᠡ ᠮᠣᠩ᠋ᠭᠣᠯ ᠤᠯᠤᠰ ᠪᠠᠢᠢᠭᠤᠯᠤᠭᠳᠠᠰᠤᠨ ᠤ 813 ᠵᠢᠯ᠂ ᠦᠨᠳᠦᠰᠦᠨ ᠦ ᠡᠷᠬᠡ ᠴᠢᠯᠦᠭᠡ᠂ ᠲᠤᠰᠠᠭᠠᠷ ᠲᠣᠭᠲᠠᠨᠢᠯ ᠢᠶᠠᠨ ᠰᠡᠷᠭᠦᠭᠡᠨ ᠮᠠᠨᠳᠤᠭᠤᠯᠤᠭᠰᠠᠨ ᠤ 108 ᠵᠢᠯ᠂ ᠠᠷᠠᠳ ᠤᠨ ᠬᠤᠪᠢᠰᠬᠠᠯ ᠤᠨ 98 ᠵᠢᠯ᠂ ᠠᠷᠠᠳᠴᠢᠯᠠᠭᠰᠠᠨ ᠬᠤᠪᠢᠰᠬᠠᠯ ᠤᠨ 30 ᠵᠢᠯ᠂ ᠦᠨᠳᠦᠰᠦᠨ ᠦ ᠶᠡᠬᠡ ᠪᠠᠶᠠᠷ ᠨᠠᠭᠠᠳᠤᠮ ᠢ ᠲᠣᠬᠢᠶᠠᠯᠳᠤᠭᠤᠯᠤᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠵᠠᠷᠯᠢᠭ ᠭᠠᠷᠭᠠᠵᠤ ᠵᠠᠷᠢᠮ ᠢᠷᠭᠡᠳ ᠢ ᠲᠥᠷᠥ ᠢᠢᠨ ᠳᠡᠭᠡᠳᠦ ᠴᠣᠯᠠ᠂ ᠣᠳᠣᠨ᠂ ᠮᠧᠳᠠᠯ ᠢᠶᠠᠷ ᠱᠠᠩᠨᠠᠯ᠎ᠠ᠃

ᠱᠠᠩᠨᠠᠯ ᠭᠠᠷᠳᠠᠭᠤᠯᠵᠤ ᠳᠠᠭᠤᠰᠤᠭᠰᠠᠨ ᠤ ᠳᠠᠷᠠᠭ᠎ᠠ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ᠂ ᠪᠠᠲᠤᠲᠤᠯᠭ᠎ᠠ ᠲᠥᠷᠥ ᠢᠢᠨ ᠳᠡᠭᠡᠳᠦ ᠱᠠᠩᠨᠠᠯ

thumbnail 19.7.06 Archive
19.7.06 Archive
ᠬ ∙ ᠪᠠᠲᠤᠲᠤᠯᠭ᠎ᠠ᠄ ᠲᠡᠦᠬᠡ ᠢᠢᠨ ᠤᠯᠪᠠᠭ᠎ᠠ ᠲᠡᠭᠡᠭᠡᠭᠰᠡᠨ ᠨᠢᠭᠡ ᠬᠠᠭᠤᠳᠠᠰᠤ ᠴᠠᠭᠠᠰᠤ ᠴᠤ ᠮᠣᠩ᠋ᠭᠣᠯ ᠤᠨ ᠬᠣᠢᠢᠴᠢ ᠦᠶ᠎ᠡ ᠢᠢᠨ ᠬᠢᠨ ᠳᠥ ᠲᠣᠨ ᠲᠣᠨ ᠠᠯᠲᠠᠨ ᠠᠴᠠ ᠦᠨᠡᠲᠡᠢ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠥᠨᠥᠳᠥᠷ ᠠᠷᠬᠢᠸ ᠤᠨ ᠶᠡᠷᠦᠩᠬᠡᠢ ᠭᠠᠵᠠᠷ ᠲᠤ ᠠᠵᠢᠯᠯᠠᠯ᠎ᠠ᠃ ᠡᠨᠡ ᠦᠶ᠎ᠡ ᠪᠡᠷ ᠢᠶᠡᠨ ᠲᠥᠷᠥ ᠢᠢᠨ ᠲᠡᠷᠢᠭᠦᠨ ᠠᠷᠬᠢᠸ ᠤᠨ ᠶᠡᠷᠦᠩᠬᠡᠢ ᠭᠠᠵᠠᠷ ᠤᠨ ᠦᠢᠯᠡ ᠠᠵᠢᠯᠯᠠᠭ᠎ᠠ᠂ ᠲᠡᠦᠬᠡ ᠢᠢᠨ ᠴᠢᠬᠤᠯᠠ ᠪᠠᠷᠢᠮᠲᠠ ᠨᠤᠭᠤᠳ ᠤᠨ ᠬᠠᠳᠠᠭᠠᠯᠠᠯᠲᠠ᠂ ᠬᠠᠮᠠᠭᠠᠯᠠᠯᠲᠠ ᠵᠡᠷᠭᠡ ᠠᠰᠠᠭᠤᠳᠠᠯ ᠢᠶᠠᠷ ᠪᠠᠢᠢᠭᠤᠯᠤᠯᠭ᠎ᠠ ᠢᠢᠨ ᠤᠳᠤᠷᠢᠳᠤᠯᠭ᠎ᠠ ᠨᠤᠭᠤᠳ ᠲᠠᠢ ᠠᠭᠤᠯᠵᠠᠵᠤ᠂ ᠨᠡᠢᠢᠲᠡ ᠠᠵᠢᠯᠴᠢᠳ ᠲᠤ ᠬᠠᠨᠳᠤᠨ ᠣᠨᠴᠠᠭᠠᠢᠢᠯᠠᠨ ᠠᠩᠬᠠᠷᠬᠤ ᠵᠠᠷᠢᠮ ᠠᠰᠠᠭᠤᠳᠠᠯ ᠢᠶᠠᠷ ᠡᠭᠦᠷᠭᠡ᠂ ᠴᠢᠭᠯᠡᠯ ᠥᠭᠭᠦᠭ᠍ᠰᠡᠨ ᠶᠤᠮ᠃

ᠮᠥᠨ ᠠᠷᠬᠢᠸ ᠤᠨ ᠶᠡᠷᠦᠩᠬᠡᠢ ᠭᠠᠵᠠᠷ ᠤᠨ ᠦᠢᠯᠡ ᠠᠵᠢᠯᠯᠠᠭ᠎ᠠ ᠲᠠᠢ ᠲᠠᠨᠢᠯᠴᠠᠭᠰᠠᠨ ᠤ ᠪᠠᠨ ᠳᠠᠷᠠᠭ᠎ᠠ ᠠᠷᠬᠢᠸ ᠤᠨ ᠶᠡᠷᠦᠩᠬᠡᠢ ᠭᠠᠵᠠᠷ ᠤᠨ 92 ᠵᠢᠯ ᠦᠨ ᠣᠢ ᠢᠢ ᠲᠣᠬᠢᠶᠠᠯᠳᠤᠭᠤᠯᠤᠨ᠄ ᠮᠣᠩ᠋ᠭᠣᠯ ᠤᠨ ᠠᠷᠠᠳ ᠲᠦᠮᠡᠨ ᠦ ᠣᠢ

thumbnail 19.7.05 Hospital
19.7.05 Hospital
ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠦᠨᠳᠦᠰᠦᠨ ᠦ ᠣᠨᠣᠰᠢᠯᠠᠭ᠎ᠠ᠂ ᠡᠮᠴᠢᠯᠡᠭᠡᠨ ᠦ ᠲᠥᠪ ᠦᠨ ᠨᠡᠭᠡᠭᠡᠯᠲᠡ ᠢᠢᠨ ᠶᠣᠰᠣᠯᠠᠯ ᠳᠤ ᠣᠷᠣᠯᠴᠠᠯ᠎ᠠ

ᠮᠣᠩ᠋ᠭᠣᠯ ᠤᠯᠤᠰ᠂ ᠪᠦᠭᠦᠳᠡ ᠨᠠᠢᠢᠷᠠᠮᠳᠠᠬᠤ ᠰᠣᠯᠣᠩ᠋ᠭᠣᠰ ᠤᠯᠤᠰ ᠤᠨ ᠵᠠᠰᠠᠭ ᠤᠨ ᠭᠠᠵᠠᠷ ᠬᠣᠭᠣᠷᠣᠨᠳᠣ ᠢᠢᠨ ᠬᠡᠯᠡᠯᠴᠡᠭᠡᠷ ᠦᠨ ᠳᠠᠭᠠᠭᠤ 《ᠡᠺᠰᠢᠮ》 ᠪᠠᠩᠬᠢᠨ ᠤ ᠬᠥᠩᠭᠡᠯᠡᠯᠲᠡ ᠲᠡᠢ ᠵᠡᠭᠡᠯᠢ ᠪᠡᠷ ᠪᠠᠷᠢᠭᠳᠠᠭᠰᠠᠨ ᠤᠯᠤᠰ ᠤᠨ ᠬᠣᠶᠠᠳᠤᠭᠠᠷ ᠲᠥᠪ ᠡᠮᠨᠡᠯᠭᠡ ᠢᠢᠨ ᠦᠨᠳᠦᠰᠦᠨ ᠦ ᠣᠨᠣᠰᠢᠯᠠᠭ᠎ᠠ᠂ ᠡᠮᠴᠢᠯᠡᠭᠡᠨ ᠦ ᠲᠥᠪ ᠦᠨ ᠨᠡᠭᠡᠭᠡᠯᠲᠡ ᠢᠢᠨ ᠶᠣᠰᠣᠯᠠᠯ ᠥᠨᠥᠳᠥᠷ ᠪᠣᠯᠤᠯ᠎ᠠ᠃

ᠳᠡᠯᠡᠬᠡᠢ ᠢᠢᠨ ᠵᠢᠱᠢᠭ ᠲᠥ ᠨᠡᠢᠢᠴᠡᠭᠰᠡᠨ ᠪᠠᠷᠢᠯᠭ᠎ᠠ ᠪᠠᠢᠢᠭᠤᠯᠤᠮᠵᠢ᠂ ᠤᠯᠤᠰ ᠤᠨ ᠬᠡᠮᠵᠢᠶᠡᠨ ᠳᠥ ᠦᠢᠯᠡᠴᠢᠯᠡᠬᠦ ᠣᠷᠴᠢᠨ ᠦᠶ᠎ᠡ ᠢᠢᠨ ᠲᠣᠨᠣᠭ ᠲᠥᠬᠦᠭᠡᠷᠦᠮᠵᠢ ᠪᠦᠬᠦᠢ ᠦᠨᠳᠦᠰᠦᠨ ᠦ ᠣᠨᠣᠰᠢᠯᠠᠭ᠎ᠠ᠂ ᠡᠮᠴᠢᠯᠡᠭᠡᠨ ᠦ ᠲᠥᠪ ᠦᠨ ᠨᠡᠭᠡᠭᠡᠯᠲᠡ ᠢᠢᠨ ᠶᠣᠰᠣᠯᠠᠯ ᠳᠤ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠣᠷᠣᠯᠴᠠᠪᠠ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ

thumbnail 19.7.04-Irkiutsk
19.7.04-Irkiutsk
ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠣᠷᠣᠰ ᠤᠨ ᠬᠣᠯᠪᠣᠭᠠᠨ ᠤ ᠤᠯᠤᠰ ᠤᠨ ᠡᠷᠡᠬᠦᠦ ᠮᠤᠵᠢ ᠳᠤ ᠶᠡᠬᠡ ᠬᠡᠮᠵᠢᠶᠡᠨ ᠦ ᠦᠶᠡᠷ ᠪᠣᠯᠤᠭᠰᠠᠨ ᠲᠠᠢ ᠬᠣᠯᠪᠣᠭᠳᠠᠭᠤᠯᠤᠨ ᠡᠮᠭᠡᠨᠢᠯ ᠢᠯᠡᠷᠬᠡᠢᠢᠯᠡᠪᠡ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠣᠷᠣᠰ ᠤᠨ ᠬᠣᠯᠪᠣᠭᠠᠨ ᠤ ᠤᠯᠤᠰ ᠤᠨ ᠡᠷᠡᠬᠦᠦ ᠮᠤᠵᠢ ᠳᠤ ᠶᠡᠬᠡ ᠬᠡᠮᠵᠢᠶᠡᠨ ᠦ ᠦᠶᠡᠷ ᠪᠣᠯᠤᠭᠰᠠᠨ ᠲᠠᠢ ᠬᠣᠯᠪᠣᠭᠳᠠᠭᠤᠯᠤᠨ ᠣᠷᠣᠰ ᠤᠨ ᠬᠣᠯᠪᠣᠭᠠᠨ ᠤ ᠤᠯᠤᠰ ᠤᠨ ᠶᠡᠷᠦᠩᠬᠡᠢᠢᠯᠡᠭᠴᠢ ᠸᠯᠠᠳᠢᠮᠢᠷ ᠸᠯᠠᠳᠢᠮᠢᠷᠣᠸᠢᠴ ᠫᠦᠲ᠋ᠢᠨ ᠳᠥ ᠡᠮᠭᠡᠨᠢᠯ ᠢᠯᠡᠷᠬᠡᠢᠢᠯᠡᠭᠰᠡᠨ ᠵᠠᠬᠢᠳᠠᠯ ᠢᠯᠡᠭᠡᠯ᠎ᠡ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠡᠮᠭᠡᠨᠢᠯ  ᠳᠥ᠄
《ᠣᠷᠣᠰ ᠤᠨ ᠬᠣᠯᠪᠣᠭᠠᠨ ᠤ ᠤᠯᠤᠰ ᠤᠨ ᠡᠷᠡᠬᠦᠦ ᠮᠤᠵᠢ ᠳᠤ ᠪᠣᠯᠤᠭᠰᠠᠨ ᠶᠡᠬᠡ ᠬᠡᠮᠵᠢᠶᠡᠨ ᠦ ᠦᠶᠡᠷ ᠦᠨ ᠤᠯᠠᠮ ᠠᠴᠠ ᠬᠣᠬᠢᠷᠠᠯ ᠠᠮᠰᠠᠭᠰᠠᠨ ᠢᠷᠭᠡᠳ ᠲᠥ ᠴᠢᠩ ᠰᠡᠳᠬᠢᠯ ᠦᠨ ᠡᠮᠭᠡᠨᠢᠯ ᠪᠣᠯᠤᠨ ᠰᠡᠳᠬᠢᠯ ᠰᠠᠨᠠᠭᠠᠨ ᠤ ᠳᠡᠮᠵᠢᠯᠭᠡ ᠪᠡᠨ ᠢᠯᠡᠷᠬᠡᠢᠢᠯᠡᠵᠦ ᠪᠠᠢᠢᠭ᠎ᠠ ᠢᠢ ᠬᠦᠯᠢᠶᠡᠨ ᠠᠪᠤᠨ᠎ᠠ ᠤᠤ᠃

ᠡᠭᠦᠨ ᠲᠡᠢ ᠬᠣᠯᠪᠣᠭᠳᠠᠭᠤᠯᠤᠨ ᠮᠣᠩ᠋ᠭᠣᠯ ᠤᠨ