Та "Internet explorer"-ийн сүүлийн хувилбар болох "Microsoft edge"-г ашиглана уу

Хэрэв "Microsoft edge"-г татах бол энд дарж татаж авна уу

thumbnail 2026.05.20 YK huwiin hewshliin EM-iin baiguullaga, Urhiin EM-iin tuwiin emch, ajiltnuudtai uulzlaa 1
2026.05.20 YK huwiin hewshliin EM-iin baiguullaga, Urhiin EM-iin tuwiin emch, ajiltnuudtai uulzlaa 1
ᠶᠡᠷᠦᠩᠬᠡᠢᠢᠯᠡᠭᠴᠢ ᠤ·ᠬᠦᠷᠡᠯᠰᠦ᠋ᠬᠡ ᠬᠤᠪᠢ ᠢᠢᠨ ᠬᠡᠪᠰᠢᠯ ᠦᠨ ᠡᠷᠡᠭᠦᠯ ᠮᠡᠨᠳᠦ ᠢᠢᠨ ᠪᠠᠢᠢᠭᠤᠯᠤᠯᠭ᠎ᠠ᠂ ᠡᠷᠦᠬᠡ ᠢᠢᠨ ᠡᠷᠡᠭᠦᠯ ᠮᠡᠨᠳᠦ ᠢᠢᠨ ᠲᠥᠪ ᠦᠨ ᠡᠮᠴᠢ᠂ ᠠᠵᠢᠯᠲᠠᠨ ᠨᠤᠭᠤᠳ ᠲᠠᠢ ᠠᠭᠤᠯᠵᠠᠯ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠬᠤᠪᠢ ᠢᠢᠨ ᠬᠡᠪᠰᠢᠯ ᠦᠨ ᠡᠷᠡᠭᠦᠯ ᠮᠡᠨᠳᠦ ᠢᠢᠨ ᠪᠠᠢᠢᠭᠤᠯᠤᠯᠭ᠎ᠠ᠂ ᠡᠷᠦᠬᠡ ᠢᠢᠨ ᠡᠷᠡᠭᠦᠯ ᠮᠡᠨᠳᠦ ᠢᠢᠨ ᠲᠥᠪ ᠦᠨ ᠡᠮᠴᠢ᠂ ᠠᠵᠢᠯᠯᠠᠭᠰᠠᠳ ᠲᠠᠢ ᠠᠭᠤᠯᠵᠠᠯ᠎ᠠ᠃

ᠴᠠᠷ᠎ ᠲᠠᠬᠤᠯ ᠤᠨ ᠦᠶ᠎ᠡ ᠳᠥ ᠠᠴᠢᠶᠠᠨ ᠤ ᠬᠦᠨᠳᠦ ᠢᠢ ᠡᠭᠦᠷᠦᠨ᠂ ᠣᠯᠠᠨ ᠮᠢᠩ᠋ᠭᠠᠨ ᠬᠦᠮᠦᠨ ᠢ ᠡᠮᠴᠢᠯᠠᠵᠦ᠂ ᠠᠮᠢ ᠨᠠᠰᠤ ᠢᠢ ᠠᠪᠤᠷᠠᠭᠰᠠᠨ ᠡᠷᠡᠭᠦᠯ ᠮᠡᠨᠳᠦ ᠢᠢᠨ ᠰᠠᠯᠪᠤᠷᠢ ᠢᠢᠨ ᠨᠡᠢᠢᠲᠡ ᠬᠠᠮᠲᠤ ᠣᠯᠠᠨ᠂ ᠭᠡᠷ ᠪᠦᠯᠢ ᠳᠥ ᠨᠢ ᠶᠡᠷᠦᠩᠬᠡᠢᠢᠯᠡᠭᠴᠢ ᠠᠷᠠᠳ ᠲᠦᠮᠡᠨ ᠦ ᠨᠡᠷ᠎ᠡ ᠢᠢᠨ ᠡᠮᠦᠨ᠎ᠡ ᠡᠴᠡ ᠲᠠᠯᠠᠷᠬᠠᠯ ᠢᠯᠡᠷᠬᠡᠢᠢᠯᠡᠯ᠎ᠡ᠃

ᠬᠦᠮᠦᠨ ᠠᠮᠠ ᠢᠢᠨ ᠡᠷᠡᠭᠦᠯ ᠮᠡᠨᠳᠦ ᠢᠢ ᠰᠠᠬᠢᠨ ᠬᠠᠮᠠᠭᠠᠯᠠᠬᠤ᠂ ᠲᠤᠰᠠᠯᠠᠮᠵᠢ᠂ ᠦᠢᠯᠡᠴᠢᠯᠡᠭᠡᠨ ᠦ ᠴᠢᠨᠠᠷ᠂ ᠬᠦᠷᠲᠡᠭᠡᠮᠵᠢ ᠢᠢ ᠳᠡᠭᠡᠭ᠍ᠰᠢᠯᠠᠭᠦᠯᠬᠦ᠂ ᠢᠷᠭᠡᠳ ᠦᠨ ᠡᠷᠡᠭᠦᠯ ᠮᠡᠨᠳᠦ ᠢᠢᠨ ᠪᠣᠯᠪᠠᠰᠤᠷᠠᠯ ᠢ ᠳᠡᠭᠡᠭ᠍ᠰᠢᠯᠠᠭᠦᠯᠬᠦ

thumbnail 2026.05.20 Undesnii mungun temdegt tugrugiin togtwortoi baidliig hangahiin tuluu hicheen ajillahiig zahilaa 1
2026.05.20 Undesnii mungun temdegt tugrugiin togtwortoi baidliig hangahiin tuluu hicheen ajillahiig zahilaa 1
ᠦᠨᠳᠦᠰᠦᠨ ᠦ ᠮᠥᠩ᠋ᠭᠦᠨ ᠲᠡᠮᠳᠡᠭᠲᠥ-ᠲᠥᠭᠦᠷᠢᠭ ᠦᠨ ᠲᠣᠭᠲᠠᠪᠤᠷᠢᠲᠠᠶ ᠪᠠᠢᠢᠳᠠᠯ ᠢ ᠬᠠᠩ᠋ᠭᠠᠬᠤ ᠢᠢᠨ ᠲᠥᠯᠦᠭᠡ ᠬᠢᠴᠢᠶᠡᠨ ᠠᠵᠢᠯᠯᠠᠬᠤ ᠢᠢ ᠵᠠᠬᠢᠯ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠮᠣᠩ᠋ᠭᠤᠯ ᠪᠠᠩᠻᠢ ᠪᠣᠯᠤᠨ ᠪᠠᠩᠻᠢ᠂ ᠰᠠᠩᠬᠦᠦ ᠢᠢᠨ ᠪᠠᠢᠢᠭᠤᠯᠤᠯᠭ᠎ᠠ ᠨᠤᠭᠤᠳ ᠤᠨ ᠲᠥᠯᠦᠭᠡᠯᠡᠯ ᠲᠡᠶ ᠠᠭᠤᠯᠵᠠᠯ᠎ᠠ᠃ ᠠᠭᠤᠯᠵᠠᠯᠲᠠ ᠳᠤ ᠮᠣᠩ᠋ᠭᠤᠯ ᠪᠠᠩᠻᠢ᠂ ᠠᠷᠠᠯᠵᠢᠶᠠᠨ ᠤ ᠪᠠᠩᠻᠢ᠂ ᠰᠠᠩᠬᠦᠦ ᠢᠢᠨ ᠪᠠᠢᠢᠭᠤᠯᠤᠯᠭ᠎ᠠ ᠨᠤᠭᠤᠳ ᠤᠨ ᠤᠳᠤᠷᠢᠳᠤᠯᠭ᠎ᠠ᠂ ᠠᠵᠢᠯᠲᠠᠨ ᠨᠤᠭᠤᠳ ᠤᠨ ᠲᠥᠯᠦᠭᠡᠯᠡᠯ ᠪᠣᠯᠤᠭᠰᠠᠨ ᠑᠂᠓᠐᠐ ᠣᠷᠴᠢᠮ ᠬᠦᠮᠦᠨ ᠣᠷᠤᠯᠴᠠᠯ᠎ᠠ᠃

ᠶᠡᠷᠦᠩᠬᠡᠢᠢᠯᠡᠭᠴᠢ᠂ ᠲᠥᠷᠦ ᠢᠢᠨ ᠮᠥᠩ᠋ᠭᠦᠨ ᠦ ᠪᠣᠳᠤᠯᠭ᠎ᠠ ᠢᠢ ᠪᠣᠯᠪᠠᠰᠤᠷᠠᠭᠤᠯᠤᠨ ᠬᠡᠷᠡᠭᠵᠢᠭᠦᠯᠦᠭᠴᠢ᠂ ᠤᠯᠤᠰ ᠤᠨ ᠡᠷᠳᠡᠨᠢᠰ ᠦᠨ ᠰᠠᠩ ᠢ ᠰᠠᠬᠢᠨ ᠬᠠᠮᠠᠭᠠᠯᠠᠵᠤ ᠪᠤᠢ ᠮᠣᠩ᠋ᠭᠤᠯ ᠪᠠᠩᠻᠢ ᠪᠣᠯᠤᠨ ᠢᠷᠭᠡᠳ᠂ ᠠᠵᠤ ᠠᠬᠤᠢ ᠢᠢᠨ ᠨᠢᠭᠡᠴᠡ᠂ ᠪᠠᠢᠢᠭᠤᠯᠤᠯᠭ᠎ᠠ ᠨᠤᠭᠤᠳ ᠲᠤ ᠰᠠᠩᠬᠦᠦ ᠢᠢᠨ ᠦᠢᠯᠡᠴᠢᠯᠡᠭᠡ ᠦᠵᠡᠭᠦᠯᠳᠡᠭ ᠠᠷᠠᠯᠵᠢᠶᠠᠨ ᠤ ᠪᠠᠩᠻᠢ᠂ ᠰᠠᠩᠬᠦᠦ ᠢᠢᠨ ᠪᠠᠢᠢᠭᠤᠯᠤᠯᠭ᠎ᠠ ᠨᠤᠭᠤᠳ ᠤᠨ ᠦᠶ᠎ᠡ ᠦᠶ᠎ᠡ ᠢᠢᠨ ᠠᠵᠢᠯᠲᠠᠨ᠂ ᠠᠯᠪᠠᠨ ᠬᠠᠭᠠᠭᠴᠢᠳ ᠲᠤ ᠲᠠᠯᠠᠷᠬᠠᠯ

thumbnail 2026.05.20 Irgediinhee erh ashgiig hamgaalj, buh talaar demjij baihiig ontsgoilon zahilaa 1
2026.05.20 Irgediinhee erh ashgiig hamgaalj, buh talaar demjij baihiig ontsgoilon zahilaa 1
ᠢᠷᠭᠡᠳ ᠦᠨ ᠢᠶᠡᠨ ᠡᠷᠬᠡ ᠠᠰᠢᠭ ᠢ ᠬᠠᠮᠠᠭᠠᠯᠠᠵᠤ᠂ ᠪᠦᠬᠦ ᠲᠠᠯ᠎ᠠ ᠪᠠᠷ ᠳᠡᠮᠵᠢᠵᠦ ᠪᠠᠢᠢᠬᠤ ᠢᠢ ᠣᠨᠴᠠᠭᠠᠢᠢᠯᠠᠨ ᠵᠠᠬᠢᠯ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠮᠣᠩ᠋ᠭᠣᠯ ᠤᠯᠤᠰ ᠠᠴᠠ ᠭᠠᠳᠠᠭᠠᠳᠤ ᠢᠢᠨ ᠤᠯᠤᠰ ᠤᠳ ᠲᠤ ᠰᠠᠭᠤᠬᠤ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠨᠠᠷ ᠲᠤ ᠢᠲᠡᠬᠡᠮᠵᠢᠯᠡᠬᠦ ᠵᠢᠭᠤᠬᠤ ᠪᠢᠴᠢᠭ᠌ ᠢ ᠨᠢ ᠭᠠᠷᠳᠠᠭᠤᠯᠤᠯ᠎ᠠ᠃

ᠡᠯᠴᠢᠨ ᠰᠠᠢᠢᠳ ᠤᠳ ᠦᠨᠳᠦᠰᠦᠨ ᠦ ᠢᠵᠠᠭᠤᠷ ᠡᠷᠬᠡ ᠠᠰᠢᠭ ᠢᠶᠠᠨ ᠢᠮᠠᠭᠲᠠ ᠳᠡᠭᠡᠳᠦᠯᠡᠵᠦ᠂ ᠶᠣᠰᠤ ᠵᠦᠢ ᠲᠡᠶ᠂ ᠰᠠᠬᠢᠯᠭ᠎ᠠ᠂ ᠬᠠᠷᠢᠭᠤᠴᠠᠯᠭ᠎ᠠ ᠲᠠᠢ ᠪᠠᠢᠢᠬᠤ᠂ ᠰᠠᠭᠤᠭ᠎ᠠ ᠪᠣᠯᠤᠨ ᠲᠤᠬᠠᠢ ᠢᠢᠨ ᠪᠦᠰᠡ ᠨᠤᠲᠤᠭ ᠤᠨ ᠣᠷᠤᠨ ᠨᠤᠭᠤᠳ ᠲᠠᠢ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠭᠦᠨᠵᠡᠭᠡᠢᠢᠷᠡᠭᠦᠯᠬᠦ᠂ ᠬᠥᠷᠦᠩ᠋ᠭᠡ ᠣᠷᠤᠭᠤᠯᠤᠯᠲᠠ ᠲᠠᠲᠠᠬᠤ᠂ ᠡᠬᠡ ᠬᠡᠯᠡ᠂ ᠲᠡᠦᠬᠡ᠂ ᠰᠣᠶᠤᠯ᠂ ᠵᠠᠩ ᠵᠠᠩᠰᠢᠯ᠂ ᠤᠯᠠᠮᠵᠢᠯᠠᠯ ᠢᠶᠠᠨ ᠥᠪᠯᠡᠭᠦᠯᠬᠦ᠂ ᠲᠦᠭᠡᠭᠡᠨ ᠳᠡᠯᠭᠡᠷᠡᠭᠦᠯᠬᠦ᠂ ᠡᠬᠡ ᠣᠷᠤᠨ ᠢᠶᠠᠨ ᠰᠤᠷᠲᠠᠯᠴᠢᠯᠠᠨ

thumbnail 2026.05.19 MUONRT arhiwiin san humruguu 4K, toon sistemd shiljuulj ehellee 1
2026.05.19 MUONRT arhiwiin san humruguu 4K, toon sistemd shiljuulj ehellee 1
ᠮᠣᠩ᠋ᠭᠤᠯ ᠤᠨ ᠣᠯᠠᠨ ᠨᠡᠢᠢᠲᠡ ᠢᠢᠨ ᠷᠠᠳᠢᠣ ᠲᠧᠯᠧᠸᠢᠽ ᠠᠷᠬᠢᠸ ᠤᠨ ᠰᠠᠩ ᠬᠥᠮᠦᠷᠭᠡ ᠪᠡᠨ 4К᠂ ᠲᠣᠭᠠᠨ ᠰᠢᠰᠲ᠋ᠧᠮ ᠳᠥ ᠰᠢᠯᠵᠢᠭᠦᠯᠵᠦ ᠡᠬᠢᠯᠡᠯ᠎ᠡ

ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠮᠣᠩ᠋ᠭᠤᠯ ᠤᠨ ᠣᠯᠠᠨ ᠨᠡᠢᠢᠲᠡ ᠢᠢᠨ ᠷᠠᠳᠢᠣ᠋ ᠲᠧᠯᠧᠸᠢᠽ ᠤᠨ ᠠᠯᠲᠠᠨ ᠰᠠᠩ ᠬᠥᠮᠦᠷᠭᠡ ᠢᠢ 4К᠂ ᠲᠣᠭᠠᠨ ᠰᠢᠰᠲ᠋ᠧᠮ ᠳᠥ ᠰᠢᠯᠵᠢᠭᠦᠯᠬᠦ ᠲᠥᠰᠦᠯ ᠦᠨ ᠨᠡᠭᠡᠭᠡᠯᠲᠡ ᠳᠥ ᠣᠷᠤᠯᠴᠠᠯ᠎ᠠ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠥᠩ᠋ᠭᠡᠷᠡᠭᠰᠡᠨ ᠣᠨ ᠳᠤ ᠪᠦᠭᠦᠳᠡ ᠨᠠᠢᠢᠷᠠᠮᠳᠠᠬᠤ ᠲᠦᠷᠻ ᠤᠯᠤᠰ ᠲᠤ ᠲᠥᠷᠦ ᠢᠢᠨ ᠠᠢᠢᠯᠴᠢᠯᠠᠯ ᠬᠢᠬᠦ ᠦᠶ᠎ᠡ ᠪᠡᠷ ᠲᠠᠯ᠎ᠠ ᠨᠤᠭᠤᠳ ᠬᠠᠷᠢᠯᠴᠠᠭ᠎ᠠ᠂ ᠬᠠᠮᠲᠤ ᠢᠢᠨ ᠠᠵᠢᠯᠯᠠᠭᠠᠨ ᠤ ᠑᠑ ᠪᠠᠷᠢᠮᠲᠠ ᠪᠢᠴᠢᠭ᠌ ᠲᠥ ᠭᠠᠷ ᠤᠨ ᠦᠰᠦᠭ ᠵᠢᠷᠤᠭᠰᠠᠨ᠃

ᠡᠭᠦᠨ ᠦ ᠨᠢᠭᠡ ᠨᠢ ᠮᠣᠩ᠋ᠭᠤᠯ ᠤᠨ ᠣᠯᠠᠨ ᠨᠡᠢᠢᠲᠡ ᠢᠢᠨ ᠷᠠᠳᠢᠣ᠋ ᠲᠧᠯᠧᠸᠢᠽ ᠤᠨ ᠳᠠᠭᠤᠤ᠂ ᠳᠦᠷᠰᠦ ᠢᠢᠨ ᠰᠠᠩ ᠬᠥᠮᠦᠷᠭᠡ ᠢᠢ ᠠᠨᠠᠯᠣᠭᠢ ᠰᠢᠰᠲ᠋ᠧᠮ ᠡᠴᠡ ᠲᠣᠭᠠᠨ ᠰᠢᠰᠲ᠋ᠧᠮ ᠳᠥ ᠰᠢᠯᠵᠢᠭᠦᠯᠬᠦ ᠲᠤᠬᠠᠢ ᠬᠠᠮᠲᠤ ᠢᠢᠨ ᠠᠵᠢᠯᠯᠠᠭᠠᠨ ᠤ ᠫᠷᠣᠲ᠋ᠤᠻᠤᠯ

thumbnail 2025.05.19 YK taksi uilchilgee erhlegchdiin tuluulultei uulzlaa 11
2025.05.19 YK taksi uilchilgee erhlegchdiin tuluulultei uulzlaa 11
ᠶᠡᠷᠦᠩᠬᠡᠢᠢᠯᠡᠭᠴᠢ ᠤ·ᠬᠦᠷᠡᠯᠰᠦ᠋ᠬᠡ ᠰᠣᠶᠤᠯ᠂ ᠤᠷᠠᠯᠢᠭ ᠤᠨ ᠰᠠᠯᠪᠤᠷᠢ ᠢᠢᠨ ᠬᠢᠨ ᠲᠠᠢ ᠠᠭᠤᠯᠵᠠᠯ᠎ᠠ

ᠠᠭᠤᠯᠵᠠᠯᠲᠠ ᠳᠤ ᠰᠣᠶᠤᠯ᠂ ᠰᠫᠣᠷᠲ᠂ ᠠᠶᠠᠯᠠᠯ ᠵᠢᠭᠤᠯᠴᠢᠯᠠᠯ᠂ ᠵᠠᠯᠠᠭᠤᠴᠤᠳ ᠤᠨ ᠶᠠᠮᠤᠨ᠂ ᠬᠠᠷᠢᠶ᠎ᠠ ᠠᠭᠧᠨ᠋ᠲ᠋ᠯᠢᠭ᠂ ᠰᠣᠶᠤᠯ᠂ ᠤᠷᠠᠯᠢᠭ ᠤᠨ ᠶᠡᠬᠡ ᠰᠤᠷᠭᠠᠭᠤᠯᠢ᠂ ᠬᠥᠭ᠍ᠵᠢᠮ ᠪᠦᠵᠢᠭ᠌ ᠦᠨ ᠻᠣᠯᠯᠧᠵᠢ᠂ ᠨᠡᠢᠢᠰᠯᠡᠯ ᠳᠥ ᠦᠢᠯᠡ ᠠᠵᠢᠯᠯᠠᠭ᠎ᠠ ᠶᠠᠪᠤᠭᠤᠯᠳᠠᠭ ᠮᠦᠽᠧᠢ᠂ ᠮᠣᠩ᠋ᠭᠣᠯ ᠤᠨ ᠤᠷᠠᠨ ᠵᠢᠷᠤᠭ ᠤᠨ ᠭᠠᠯᠧᠷᠧᠢ ᠢᠢᠨ ᠲᠥᠯᠦᠭᠡᠯᠡᠯ ᠣᠷᠤᠯᠴᠠᠯ᠎ᠠ᠃

ᠶᠡᠷᠦᠩᠬᠡᠢᠢᠯᠡᠭᠴᠢ᠂ ᠰᠣᠶᠤᠯ᠂ ᠤᠷᠠᠯᠢᠭ ᠤᠨ ᠰᠠᠯᠪᠤᠷᠢ ᠢᠢᠨ ᠲᠡᠦᠬᠡ ᠢᠢ ᠪᠢᠴᠢᠯᠴᠡᠨ᠂ ᠠᠷᠠᠳ ᠲᠦᠮᠡᠨ ᠦ ᠣᠶᠤᠨ ᠰᠠᠨᠠᠭᠠᠨ ᠤ ᠳᠠᠷᠬᠠᠯᠠᠭ᠎ᠠ ᠢᠢ ᠪᠡᠬᠢᠵᠢᠭᠦᠯᠵᠦ᠂ ᠨᠡᠢᠢᠭᠡᠮ ᠢ ᠰᠣᠶᠣᠨ ᠭᠡᠭᠡᠷᠡᠭᠦᠯᠬᠦ᠂ ᠥᠪ ᠰᠣᠶᠤᠯ ᠢᠶᠠᠨ ᠰᠤᠷᠲᠠᠯᠴᠢᠯᠠᠨ ᠲᠠᠨᠢᠭᠤᠯᠬᠤ᠂ ᠲᠦᠭᠡᠭᠡᠨ ᠳᠡᠯᠭᠡᠷᠡᠭᠦᠯᠬᠦ ᠳᠥ ᠦᠨ᠎ᠡ ᠲᠡᠶ ᠬᠤᠪᠢ ᠨᠡᠮᠡᠷᠢ ᠣᠷᠤᠭᠤᠯᠵᠤ ᠪᠤᠢ ᠦᠶ᠎ᠡ ᠦᠶ᠎ᠡ ᠢᠢᠨ ᠠᠵᠢᠯᠲᠠᠨ᠂ ᠠᠯᠪᠠᠨ ᠬᠠᠭᠠᠭᠴᠢᠳ ᠲᠤ ᠲᠠᠯᠠᠷᠬᠠᠯ ᠢᠯᠡᠷᠬᠡᠢᠢᠯᠡᠯ᠎ᠡ᠃

ᠰᠠᠯᠪᠤᠷᠢ ᠢᠢᠨ ᠬᠠᠮᠲᠤ

thumbnail 2025.05.19 YK taksi uilchilgee erhlegchdiin tuluulultei uulzlaa 1
2025.05.19 YK taksi uilchilgee erhlegchdiin tuluulultei uulzlaa 1
ᠶᠡᠷᠦᠩᠬᠡᠢᠢᠯᠡᠭᠴᠢ ᠤ·ᠬᠦᠷᠡᠯᠰᠦ᠋ᠬᠡ ᠲᠠᠻᠰᠢ ᠦᠢᠯᠡᠴᠢᠯᠡᠭᠡ ᠡᠷᠬᠢᠯᠡᠭᠴᠢᠳ ᠦᠨ ᠲᠥᠯᠦᠭᠡᠯᠡᠯ ᠲᠡᠶ ᠠᠭᠤᠯᠵᠠᠯ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠑·᠘ ᠰᠠᠶ᠎ᠠ ᠬᠡᠷᠡᠭᠯᠡᠭᠴᠢ ᠲᠡᠶ «UB cab» ᠻᠣᠮᠫᠠᠨᠢ ᠪᠣᠯᠤᠨ ᠑᠒᠐ ᠮᠢᠩ᠋ᠭ᠎ᠠ ᠭᠠᠷᠤᠢ ᠵᠢᠯᠤᠭᠤᠴᠢ ᠢᠢᠨ ᠲᠥᠯᠦᠭᠡᠯᠡᠯ ᠪᠣᠯᠤᠭᠰᠠᠨ ᠲᠠᠻᠰᠢ ᠦᠢᠯᠡᠴᠢᠯᠡᠭᠡ ᠡᠷᠬᠢᠯᠡᠭᠴᠢᠳ ᠦᠨ ᠲᠥᠯᠦᠭᠡᠯᠡᠯ ᠲᠡᠶ ᠠᠭᠤᠯᠵᠠᠯ᠎ᠠ᠃

ᠶᠡᠷᠦᠩᠬᠡᠢᠢᠯᠡᠭᠴᠢ᠂ ᠣᠷᠤᠯᠭ᠎ᠠ ᠣᠯᠵᠤ᠂ ᠠᠮᠢᠳᠤᠷᠠᠯ ᠠᠬᠤᠢ ᠪᠠᠨ ᠳᠡᠭᠡᠭ᠍ᠰᠢᠯᠠᠭᠦᠯᠬᠦ ᠢᠢᠨ ᠵᠡᠷᠭᠡᠴᠡᠭᠡ ᠢᠷᠭᠡᠳ ᠦᠨ ᠢᠲᠡᠭᠡᠯ ᠢ ᠬᠦᠯᠢᠶᠡᠭᠰᠡᠨ᠂ ᠱᠠᠭᠠᠷᠳᠠᠯᠭ᠎ᠠ ᠬᠠᠩ᠋ᠭᠠᠭᠰᠠᠨ᠂ ᠨᠠᠢᠢᠳᠠᠪᠤᠷᠢᠲᠠᠢ᠂ ᠠᠶᠤᠯ ᠦᠭᠡᠢ᠂ ᠰᠣᠶᠤᠯ ᠲᠠᠶ ᠦᠢᠯᠡᠴᠢᠯᠡᠭᠡ ᠨᠡᠪᠲᠡᠷᠡᠭᠦᠯᠵᠦ ᠪᠠᠢᠢᠭ᠎ᠠ ᠲᠠᠻᠰᠢ ᠦᠢᠯᠡᠴᠢᠯᠡᠭᠡ ᠡᠷᠬᠢᠯᠡᠭᠴᠢᠳ ᠲᠥ ᠲᠠᠯᠠᠷᠬᠠᠯ ᠢᠯᠡᠷᠬᠡᠢᠢᠯᠡᠯ᠎ᠡ᠃

ᠲᠡᠷᠡ ᠪᠡᠷ ᠲᠥᠷᠦ ᠢᠢᠨ ᠲᠡᠷᠢᠭᠦᠨ ᠢᠶᠡᠷ ᠰᠣᠩ᠋ᠭᠤᠭᠳᠠᠭᠰᠠᠨ ᠠᠴᠠ ᠪᠠᠨ ᠬᠣᠢᠢᠰᠢ ᠬᠢᠭ᠍ᠰᠡᠨ ᠠᠵᠢᠯ᠂ «ᠬᠦᠨᠡᠰᠦᠨ ᠦ ᠬᠤᠪᠢᠰᠬᠠᠯ»᠂ «ᠴᠠᠭᠠᠨ ᠠᠯᠲᠠ»᠂ «ᠲᠡᠷᠪᠤᠮ ᠮᠣᠳᠤ»᠂ «ᠡᠷᠡᠭᠦᠯ ᠮᠣᠩ᠋ᠭᠤᠯ ᠬᠦᠮᠦᠨ»᠂