ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠢᠢᠨ ᠪᠦᠭᠦᠳᠡ ᠨᠠᠢᠢᠷᠠᠮᠳᠠᠬᠤ ᠻᠠᠽᠠᠻᠰᠲ᠋ᠠᠨ ᠤᠯᠤᠰ ᠲᠤ ᠬᠢᠭ᠍ᠰᠡᠨ ᠲᠥᠷᠦ ᠢᠢᠨ ᠠᠢᠢᠯᠴᠢᠯᠠᠯ ᠥᠨᠳᠦᠷᠯᠡᠯ᠎ᠡ᠃
ᠶᠡᠷᠦᠩᠬᠡᠢᠢᠯᠡᠭᠴᠢ ᠢᠢ ᠠᠰᠲ᠋ᠠᠨᠠ ᠬᠣᠲᠠ ᠢᠢᠨ ᠨᠦᠷᠰᠦ᠋ᠯᠲ᠋ᠠᠨ ᠨᠠᠽᠠᠷᠪᠠᠶᠧᠸ ᠤᠨ ᠨᠡᠷᠡᠮᠵᠢᠲᠦ ᠣᠯᠠᠨ ᠤᠯᠤᠰ ᠤᠨ ᠨᠢᠰᠬᠦ ᠣᠩ᠋ᠭᠤᠴᠠᠨ ᠤ ᠪᠠᠭᠤᠳᠠᠯ ᠠᠴᠠ ᠪᠦᠭᠦᠳᠡ ᠨᠠᠢᠢᠷᠠᠮᠳᠠᠬᠤ ᠻᠠᠽᠠᠻᠰᠲ᠋ᠠᠨ ᠤᠯᠤᠰ ᠤᠨ ᠭᠠᠳᠠᠭᠠᠳᠤ ᠬᠡᠷᠡᠭ ᠦᠨ ᠰᠠᠢᠢᠳ ᠶᠧ᠊·ᠻᠣᠱᠧᠷᠪᠠᠶᠧᠸ᠂ ᠮᠣᠩ᠋ᠭᠣᠯ ᠤᠯᠤᠰ ᠠᠴᠠ ᠲᠤᠰ ᠤᠯᠤᠰ ᠲᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠭᠦ᠊·ᠪᠠᠲᠤᠵᠢᠷᠭᠠᠯ ᠨᠠᠷ ᠦᠳᠡᠵᠦ ᠮᠣᠷᠳᠠᠭᠤᠯᠤᠯ᠎ᠠ᠃
ᠶᠡᠷᠦᠩᠬᠡᠢᠢᠯᠡᠭᠴᠢ ᠤ·ᠬᠦᠷᠡᠯᠰᠦ᠋ᠬᠡ᠂ ᠻᠠ᠊·ᠲᠣᠻᠠᠶᠧᠸ ᠨᠠᠷ ᠠᠯᠪᠠᠨ ᠶᠣᠰᠤᠨ ᠤ ᠬᠡᠯᠡᠯᠴᠡᠭᠡ ᠬᠢᠵᠦ᠂ «ᠰᠲ᠋ᠷᠠᠲ᠋ᠧᠭᠢ ᠢᠢᠨ ᠲᠦᠩᠰᠢᠯᠡᠯ» ᠤᠨ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠬᠤᠳᠠᠯᠳᠤᠭ᠎ᠠ᠂ ᠡᠳ᠋ ᠦᠨ
ᠮᠣᠩ᠋ᠭᠣᠯ ᠤᠯᠤᠰ ᠤᠨ ᠶᠡᠷᠦᠩᠬᠡᠶᠢᠯᠡᠭᠴᠢ ᠤ·ᠬᠦᠷᠡᠯᠰᠦ᠋ᠬᠡ ᠪᠦᠭᠦᠳᠡ ᠨᠠᠶᠢᠷᠠᠮᠳᠠᠬᠤ ᠻᠠᠽᠠᠻᠰᠲ᠋ᠠᠨ ᠤᠯᠤᠰ ᠤᠨ ᠠᠰᠲ᠋ᠠᠨᠠ ᠬᠣᠲᠠᠨ᠎ᠠ ᠡᠻᠣᠯᠣᠭᠢ ᠶᠢᠨ ᠠᠰᠠᠭᠤᠳᠠᠯ ᠢᠶᠠᠷ ᠬᠢ ᠪᠦᠰᠡ ᠨᠤᠲᠤᠭ ᠤᠨ ᠳᠡᠭᠡᠳᠦ ᠲᠥᠪᠰᠢᠨ ᠦ ᠠᠭᠤᠯᠵᠠᠯᠲᠠ ᠳᠤ ᠣᠷᠤᠯᠴᠠᠬᠤ ᠦᠶ᠎ᠡ ᠪᠡᠷ ᠢᠶᠡᠨ ᠪᠦᠭᠦᠳᠡ ᠨᠠᠶᠢᠷᠠᠮᠳᠠᠬᠤ ᠠᠷᠮᠧᠨᠢᠶ᠎ᠠ ᠤᠯᠤᠰ ᠤᠨ ᠶᠡᠷᠦᠩᠬᠡᠶᠢᠯᠡᠭᠴᠢ ᠸᠠᠭᠠᠨ ᠾᠠᠴᠠᠲ᠋ᠦ᠋ᠷᠶᠠᠨ ᠲᠠᠢ ᠠᠭᠤᠯᠵᠠᠪᠠ᠃
ᠲᠥᠷᠦ ᠶᠢᠨ ᠲᠡᠷᠢᠭᠦᠨ ᠨᠠᠷ ᠤᠯᠠᠮᠵᠢᠯᠠᠯᠲᠤ ᠨᠠᠶᠢᠷᠰᠠᠭ ᠬᠠᠷᠢᠯᠴᠠᠭ᠎ᠠ ᠤᠯᠤᠰ ᠲᠥᠷᠦ ᠶᠢᠨ ᠰᠠᠯᠪᠤᠷᠢ ᠳᠤ ᠢᠳᠡᠪᠬᠢᠲᠡᠢ ᠥᠷᠨᠢᠵᠦ ᠪᠠᠶᠢᠭ᠎ᠠ ᠶᠢ ᠲᠡᠮᠳᠡᠭᠯᠡᠵᠦ᠂ ᠬᠠᠮᠲᠤ ᠶᠢᠨ ᠠᠵᠢᠯᠯᠠᠭ᠎ᠠ ᠶᠢ ᠬᠠᠷᠢᠯᠴᠠᠨ ᠰᠣᠨᠢᠷᠬᠠᠭᠰᠠᠨ ᠪᠦᠬᠦ ᠰᠠᠯᠪᠤᠷᠢ ᠳᠤ ᠥᠷᠭᠡᠵᠢᠭᠦᠯᠦᠨ ᠬᠥᠭ᠍ᠵᠢᠭᠦᠯᠬᠦ ᠲᠠᠯ᠎ᠠ ᠪᠠᠷ ᠰᠠᠨᠠᠯ ᠰᠣᠯᠢᠯᠴᠠᠯ᠎ᠠ᠃
ᠡᠳ᠋ ᠦᠨ ᠵᠠᠰᠠᠭ᠂ ᠬᠤᠳᠠᠯᠳᠤᠭᠠᠨ ᠤ ᠬᠠᠮᠲᠤ ᠶᠢᠨ ᠠᠵᠢᠯᠯᠠᠭ᠎ᠠ ᠶᠢ ᠭᠦᠨᠵᠡᠭᠡᠶᠢᠷᠡᠭᠦᠯᠬᠦ᠂ ᠢᠯᠠᠩ᠋ᠭᠤᠶ᠎ᠠ «ᠮᠣᠩ᠋ᠭᠣᠯ ᠤᠯᠤᠰ ᠪᠣᠯᠤᠨ ᠧᠦ᠋ᠷᠣᠠᠽᠢ ᠶᠢᠨ
ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠢᠢᠨ ᠪᠦᠭᠦᠳᠡ ᠨᠠᠢᠢᠷᠠᠮᠳᠠᠬᠤ ᠻᠠᠽᠠᠻᠰᠲ᠋ᠠᠨ ᠤᠯᠤᠰ ᠲᠤ ᠬᠢᠵᠦ ᠪᠤᠢ ᠲᠥᠷᠦ ᠢᠢᠨ ᠠᠢᠢᠯᠴᠢᠯᠠᠯ ᠤᠨ ᠬᠦᠷᠢᠶᠡᠨ ᠳᠥ ᠦᠨᠳᠦᠰᠦᠨ ᠦ ᠤᠷᠠᠯᠢᠭ ᠤᠨ ᠶᠡᠬᠡ ᠲᠢᠶᠠᠲ᠋ᠷ᠂ ᠳᠠᠭᠤᠷᠢ ᠪᠦᠵᠢᠭ᠌ ᠦᠨ ᠡᠷᠳᠡᠮ ᠦᠨ ᠴᠢᠭᠤᠯᠭ᠎ᠠ ᠢᠢᠨ ᠤᠷᠠᠨ ᠪᠦᠲᠦᠭᠡᠯᠴᠢᠳ ᠠᠰᠲ᠋ᠠᠨᠠ ᠬᠣᠲᠠ ᠢᠢᠨ ᠻ᠊·ᠻᠦᠸᠠᠨᠢᠱᠪᠠᠶᠧᠸ ᠤᠨ ᠨᠡᠷᠡᠮᠵᠢᠲᠦ ᠻᠠᠽᠠᠻ ᠦᠨᠳᠦᠰᠦᠨ ᠦ ᠬᠥᠭ᠍ᠵᠢᠮᠲᠦ ᠳ᠋ᠷᠠᠮ ᠤᠨ ᠲᠢᠶᠠᠲ᠋ᠷ ᠤᠨ ᠲᠠᠢᠢᠽᠢᠨᠠ ᠠᠩᠬ᠎ᠠ ᠤᠳᠠᠭ᠎ᠠ «ᠮᠣᠩ᠋ᠭᠣᠯ ᠤᠨ ᠰᠠᠢᠢᠬᠠᠨ ᠣᠷᠤᠨ» ᠲᠣᠭᠯᠠᠯᠲᠠ ᠪᠠᠨ ᠰᠣᠨᠢᠷᠬᠠᠭᠤᠯᠤᠯᠠ᠃
ᠲᠣᠭᠯᠠᠯᠲᠠ ᠢᠢ ᠰᠣᠶᠤᠯ᠂ ᠰᠫᠣᠷᠲ᠂ ᠠᠶᠠᠯᠠᠯ ᠵᠢᠭᠤᠯᠴᠢᠯᠠᠯ᠂ ᠵᠠᠯᠠᠭᠤᠴᠤᠳ ᠤᠨ ᠰᠠᠢᠢᠳ ᠿᠦ᠊·ᠠᠯᠳᠠᠷᠵᠢᠪᠬᠤᠯᠠᠩ᠂ ᠻᠠᠽᠠᠻᠰᠲ᠋ᠠᠨ ᠤᠯᠤᠰ ᠤᠨ ᠰᠣᠶᠤᠯ᠂ ᠮᠡᠳᠡᠭᠡᠯᠡᠯ ᠦᠨ ᠰᠠᠢᠢᠳ ᠠᠢᠢᠳᠠ ᠪᠠᠯᠠᠶᠧᠸᠠ ᠨᠠᠷ ᠨᠡᠭᠡᠭᠡᠯ᠎ᠡ᠃
ᠰᠠᠢᠢᠳ ᠨᠠᠷ ᠰᠣᠶᠤᠯ᠂ ᠬᠦᠮᠦᠨᠯᠢᠭ ᠦᠨ
ᠪᠦᠭᠦᠳᠡ ᠨᠠᠢᠢᠷᠠᠮᠳᠠᠬᠤ ᠻᠠᠽᠠᠻᠰᠲ᠋ᠠᠨ ᠤᠯᠤᠰ ᠤᠨ ᠶᠡᠷᠦᠩᠬᠡᠢᠢᠯᠡᠭᠴᠢ ᠻᠠ᠊·ᠲᠣᠻᠠᠶᠧᠸ ᠤᠨ ᠤᠷᠢᠯᠭ᠎ᠠ ᠪᠠᠷ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠢᠢᠨ ᠲᠤᠰ ᠤᠯᠤᠰ ᠲᠤ ᠬᠢᠵᠦ ᠪᠤᠢ ᠲᠥᠷᠦ ᠢᠢᠨ ᠠᠢᠢᠯᠴᠢᠯᠠᠯ ᠤᠨ ᠬᠦᠷᠢᠶᠡᠨ ᠳᠥ «ᠻᠠᠽᠠᠻᠰᠲ᠋ᠠᠨ-ᠮᠣᠩ᠋ᠭᠣᠯ ᠤᠨ ᠪᠢᠽᠢᠨᠧᠰ ᠹᠣᠷᠦᠢᠮ» ᠠᠰᠲ᠋ᠠᠨᠠ ᠬᠣᠲᠠᠨ᠎ᠠ ᠪᠣᠯᠤᠯ᠎ᠠ᠃
ᠡᠨᠡ ᠤᠳᠠᠭ᠎ᠠ ᠢᠢᠨ ᠹᠣᠷᠦᠢᠮ «ᠬᠦᠨᠡᠰᠦᠨ ᠦ ᠬᠤᠪᠢᠰᠬᠠᠯ» ᠬᠥᠳᠡᠯᠭᠡᠭᠡᠨ᠂ «ᠴᠠᠭᠠᠨ ᠠᠯᠲᠠ» ᠬᠥᠲᠦᠯᠪᠦᠷᠢ ᠢᠢᠨ ᠬᠦᠷᠢᠶᠡᠨ ᠳᠥ ᠬᠦᠨᠡᠰᠦᠨ ᠦ ᠦᠢᠯᠡᠳᠪᠦᠷᠢᠯᠡᠯ᠂ ᠨᠣᠣᠰᠤ᠂ ᠨᠣᠯᠤᠤᠷ᠂ ᠠᠷᠠᠰᠤ᠂ ᠰᠢᠷᠢ᠂ ᠪᠠᠷᠢᠯᠭ᠎ᠠ᠂ ᠲᠡᠭᠡᠭᠡᠪᠦᠷᠢ᠂ ᠯᠣᠭᠢᠰᠲ᠋ᠢᠭ᠂ ᠰᠠᠩᠬᠦᠦ ᠵᠡᠷᠭᠡ ᠰᠠᠯᠪᠤᠷᠢ ᠳᠤ ᠦᠢᠯᠡ ᠠᠵᠢᠯᠯᠠᠭ᠎ᠠ ᠶᠠᠪᠤᠭᠤᠯᠳᠠᠭ ᠠᠵᠤ ᠠᠬᠤᠢ ᠢᠢᠨ ᠨᠢᠭᠡᠴᠡ ᠨᠤᠭᠦᠳ ᠢ ᠻᠠᠽᠠᠻᠰᠲ᠋ᠠᠨ ᠤ ᠢᠵᠢᠯ ᠲᠥᠰᠲᠡᠢ ᠠᠵᠤ ᠠᠬᠤᠢ ᠢᠢᠨ ᠨᠢᠭᠡᠴᠡ ᠨᠤᠭᠦᠳ ᠲᠡᠶ ᠬᠣᠯᠪᠤᠬᠤ᠂ ᠰᠢᠨ᠎ᠡ
ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠪᠦᠭᠦᠳᠡ ᠨᠠᠢᠢᠷᠠᠮᠳᠠᠬᠤ ᠻᠠᠽᠠᠻᠰᠲ᠋ᠠᠨ ᠤᠯᠤᠰ ᠲᠤ ᠬᠢᠵᠦ ᠪᠤᠢ ᠲᠥᠷᠦ ᠢᠢᠨ ᠠᠢᠢᠯᠴᠢᠯᠠᠯ ᠤᠨ ᠢᠶᠠᠨ ᠦᠶ᠎ᠡ ᠪᠡᠷ ᠠᠰᠲ᠋ᠠᠨᠠ ᠬᠣᠲᠠ ᠢᠢᠨ ᠬᠢᠮᠡᠯ ᠣᠶᠤᠨ ᠤᠬᠠᠭᠠᠨ ᠤ «Alem·AI» ᠲᠥᠪ ᠲᠥ ᠵᠣᠴᠢᠯᠠᠯ᠎ᠠ᠃
ᠻᠠᠽᠠᠻᠰᠲ᠋ᠠᠨ ᠤ ᠬᠢᠮᠡᠯ ᠣᠶᠤᠨ ᠤᠬᠠᠭᠠᠨ ᠤ ᠰᠠᠯᠪᠤᠷᠢ ᠢᠢᠨ ᠠᠩᠬᠠᠨ ᠤ ᠲᠥᠷᠦᠯᠵᠢᠭᠰᠡᠨ ᠡᠨᠡ ᠲᠥᠪ ᠰᠢᠨᠵᠢᠯᠡᠬᠦ ᠤᠬᠠᠭᠠᠨ᠂ ᠪᠣᠯᠪᠠᠰᠤᠷᠠᠯ᠂ ᠰᠲ᠋ᠡᠷᠲ᠋ᠠᠫ ᠤᠨ ᠡᠻᠣᠰᠢᠰᠲ᠋ᠧᠮ᠂ ᠲᠥᠷᠦ ᠢᠢᠨ ᠤᠳᠤᠷᠢᠳᠤᠯᠭ᠎ᠠ ᠢᠢᠨ ᠰᠠᠯᠪᠤᠷᠢ ᠳᠤ ᠬᠢᠮᠡᠯ ᠣᠶᠤᠨ ᠤᠬᠠᠭᠠᠨ ᠤ ᠳᠡᠪᠰᠢᠯᠲᠡᠲᠦ ᠲᠧᠺᠨᠣᠯᠤᠭᠢ ᠨᠡᠪᠲᠡᠷᠡᠭᠦᠯᠵᠦ᠂ ᠴᠠᠬᠢᠮ ᠰᠠᠯᠪᠤᠷᠢ ᠳᠤ ᠥᠷᠢᠰᠦᠯᠳᠦᠬᠦ ᠴᠢᠳᠠᠪᠤᠷᠢ ᠢᠢ ᠨᠡᠮᠡᠭᠳᠡᠭᠦᠯᠬᠦ ᠵᠣᠷᠢᠯᠭ᠎ᠠ ᠲᠠᠶ᠃
ᠻᠠᠽᠠᠻᠰᠲ᠋ᠠᠨ ᠤᠯᠤᠰ ᠒᠐᠒᠙ ᠣᠨ ᠭᠡᠬᠦ ᠳᠥ ᠪᠦᠰᠡ ᠨᠤᠲᠤᠭ ᠤᠨ ᠴᠠᠬᠢᠮ ᠵᠠᠩ᠋ᠭᠢᠯᠠᠭ᠎ᠠ ᠲᠥᠪ ᠪᠣᠯᠵᠤ᠂
ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠪᠦᠭᠦᠳᠡ ᠨᠠᠢᠢᠷᠠᠮᠳᠠᠬᠤ ᠻᠠᠽᠠᠻᠰᠲ᠋ᠠᠨ ᠤᠯᠤᠰ ᠲᠤ ᠬᠢᠵᠦ ᠪᠤᠢ ᠲᠥᠷᠦ ᠢᠢᠨ ᠠᠢᠢᠯᠴᠢᠯᠠᠯ ᠤᠨ ᠢᠶᠠᠨ ᠬᠦᠷᠢᠶᠡᠨ ᠳᠥ ᠠᠰᠲ᠋ᠠᠨᠠ ᠬᠣᠲᠠᠨ᠎ᠠ ᠪᠣᠯᠵᠤ ᠪᠤᠢ ᠡᠻᠣᠯᠣᠭᠢ ᠢᠢᠨ ᠠᠰᠠᠭᠤᠳᠠᠯ ᠢᠶᠠᠷ ᠬᠢ ᠪᠦᠰᠡ ᠨᠤᠲᠤᠭ ᠤᠨ ᠳᠡᠭᠡᠳᠦ ᠲᠥᠪᠰᠢᠨ ᠦ ᠠᠭᠤᠯᠵᠠᠯᠲᠠ ᠢᠢᠨ ᠨᠡᠭᠡᠭᠡᠯᠲᠡ ᠳᠥ ᠣᠷᠤᠯᠴᠠᠯ᠎ᠠ᠃
ᠮᠠᠨ ᠤ ᠤᠯᠤᠰ ᠡᠨᠡ ᠠᠭᠤᠯᠵᠠᠯᠲᠠ ᠳᠤ «ᠤᠰᠤ᠂ ᠪᠡᠯᠴᠢᠭᠡᠷ ᠦᠨ ᠭᠠᠵᠠᠷ ᠤᠨ ᠮᠧᠨᠧᠵᠮᠧᠨ᠋ᠲ᠂ ᠪᠠᠢᠢᠭᠠᠯᠢ ᠳᠤ ᠰᠠᠭᠤᠷᠢᠯᠠᠭᠰᠠᠨ ᠰᠢᠢᠳᠦᠯ» ᠭᠡᠰᠡᠨ ᠭᠤᠷᠪᠠᠨ ᠰᠠᠨᠠᠭᠠᠴᠢᠯᠠᠭ᠎ᠠ ᠳᠡᠪᠰᠢᠭᠦᠯᠦᠨ ᠣᠷᠤᠯᠴᠠᠵᠤ ᠪᠠᠢᠢᠨ᠎ᠠ᠃
ᠣᠷᠤᠯᠴᠠᠭᠴᠢ ᠲᠠᠯ᠎ᠠ ᠨᠤᠭᠤᠳ ᠡᠨᠡ ᠠᠭᠤᠯᠵᠠᠯᠲᠠ ᠪᠠᠷ:
• ᠠᠭᠤᠷ ᠠᠮᠢᠰᠬᠤᠯ ᠤᠨ ᠰᠢᠯᠵᠢᠯᠲᠡ ᠢᠢ ᠳᠡᠮᠵᠢᠬᠦ᠂
• ᠪᠠᠢᠢᠭᠠᠯᠢ᠂ ᠴᠠᠭ ᠠᠭᠤᠷ ᠤᠨ ᠡᠷᠦᠰᠳᠡᠯ ᠳᠥ ᠳᠠᠰᠤᠨ ᠵᠣᠬᠢᠴᠠᠬᠤ᠂ ᠡᠳ᠋ ᠦᠨ ᠵᠠᠰᠠᠭ ᠤᠨ ᠤᠶᠠᠨ ᠬᠠᠲᠠᠨ
ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠦᠨᠳᠦᠰᠦᠨ ᠦ ᠺᠢᠨᠣ᠋ ᠦᠢᠯᠡᠳᠪᠦᠷᠢ ᠢᠢᠨ ᠰᠢᠪᠠ ᠲᠠᠯᠪᠢᠬᠤ ᠶᠣᠰᠣᠯᠠᠯ ᠳᠤ ᠣᠷᠣᠯᠴᠠᠵᠤ᠂ ᠦᠭᠡ ᠬᠡᠯᠡᠯ᠎ᠡ
ᠲᠥᠪ ᠠᠢᠢᠮᠠᠭ ᠤᠨ ᠵᠠᠭᠤᠨᠮᠣᠳᠤ ᠰᠤᠮᠤ ᠠᠴᠠ 10 ᠺᠢᠯᠣᠮᠧᠲ᠋ᠷ ᠵᠠᠢ ᠳᠤ ᠪᠠᠢᠢᠷᠢᠯᠠᠬᠤ 《ᠮᠠᠢᠢᠳᠠᠷᠢ ᠡᠺᠣ ᠬᠣᠲᠠ》 ᠲᠥᠰᠥᠯ ᠦᠨ ᠲᠠᠯᠠᠪᠠᠢ ᠳᠤ ᠥᠨᠥᠳᠥᠷ ᠮᠣᠩ᠋ᠭᠣᠯ ᠤᠨ ᠦᠨᠳᠦᠰᠦᠨ ᠦ ᠺᠢᠨᠣ᠋ ᠦᠢᠯᠡᠳᠪᠦᠷᠢ ᠢᠢᠨ ᠰᠢᠪᠠ ᠲᠠᠯᠪᠢᠬᠤ ᠶᠣᠰᠣᠯᠠᠯ ᠪᠣᠯᠵᠤ᠂ ᠥᠨᠳᠥᠷᠯᠡᠯ᠎ᠡ᠃
ᠰᠢᠪᠠ ᠲᠠᠯᠪᠢᠬᠤ ᠶᠣᠰᠣᠯᠠᠯ ᠳᠤ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠣᠷᠣᠯᠴᠠᠵᠤ᠂ ᠦᠭᠡ ᠬᠡᠯᠡᠪᠡ᠃
ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠄
《ᠬᠦᠷᠦᠯᠴᠡᠨ ᠢᠷᠡᠭᠰᠡᠨ ᠵᠣᠴᠢᠨ᠂ ᠲᠥᠯᠥᠭᠡᠯᠡᠭᠴᠢ ᠲᠠ ᠪᠦᠬᠦᠨ ᠳᠥ ᠡᠨᠡ ᠥᠷᠯᠥᠭᠡᠨ ᠦ ᠮᠡᠨᠳᠦ ᠬᠦᠷᠭᠡᠶ᠎ᠡ᠃
ᠵᠤᠨ ᠤ ᠲᠡᠷᠢᠭᠦᠨ ᠰᠠᠷ᠎ᠠ ᠢᠢᠨ ᠰᠢᠨ᠎ᠡ ᠢᠢᠨ ᠭᠤᠷᠪᠠᠨ ᠤ ᠪᠡᠯᠭᠡᠲᠦ ᠰᠠᠢᠢᠨ ᠡᠨᠡ ᠡᠳᠦᠷ ᠲᠠ ᠪᠢᠳᠡ ᠮᠣᠩ᠋ᠭᠣᠯ ᠤᠨ
ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠢᠢᠨ ᠲᠤᠰᠬᠠᠢ ᠢᠯᠡᠳᠬᠡᠭ᠍ᠴᠢ ᠢᠢ ᠬᠦᠯᠢᠶᠡᠨ ᠠᠪᠴᠤ ᠠᠭᠤᠯᠵᠠᠯ᠎ᠠ
ᠬᠦᠮᠦᠨ ᠦ ᠡᠷᠬᠡ ᠢᠢ ᠬᠠᠮᠠᠭᠠᠯᠠᠭᠴᠢ ᠢᠢᠨ ᠠᠰᠠᠭᠤᠳᠠᠯ ᠬᠠᠷᠢᠭᠤᠴᠠᠭᠰᠠᠨ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠲᠤᠰᠬᠠᠢ ᠢᠯᠡᠳᠬᠡᠭ᠍ᠴᠢ ᠮᠥᠱᠧᠯ ᠹᠣᠷᠰᠲ ᠢ ᠥᠨᠥᠳᠥᠷ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ᠂ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠢᠷᠭᠡᠨ ᠦ ᠨᠡᠢᠢᠭᠡᠮ᠂ ᠬᠦᠮᠦᠨ ᠦ ᠡᠷᠬᠡ ᠢᠢᠨ ᠪᠣᠳᠣᠯᠭ᠎ᠠ ᠢᠢᠨ ᠵᠥᠪᠯᠡᠬᠦ ᠭ ∙ ᠤᠶᠠᠩ᠋ᠭ᠎ᠠ ᠨᠠᠷ ᠬᠦᠯᠢᠶᠡᠨ ᠠᠪᠴᠤ ᠠᠭᠤᠯᠵᠠᠪᠠ᠃
ᠲᠤᠰᠬᠠᠢ ᠢᠯᠡᠳᠬᠡᠭ᠍ᠴᠢ ᠮ ∙ ᠹᠣᠷᠰᠲ ᠨᠢ ᠲᠠᠪᠤᠳᠤᠭᠠᠷ ᠰᠠᠷ᠎ᠠ ᠢᠢᠨ 13 ᠤ ᠡᠳᠦᠷ ᠢ ᠬᠦᠷᠲᠡᠯ᠎ᠡ ᠮᠣᠩ᠋ᠭᠣᠯ ᠤᠯᠤᠰ ᠳᠠᠬᠢ ᠬᠦᠮᠦᠨ ᠦ ᠡᠷᠬᠡ ᠢᠢ ᠬᠠᠮᠠᠭᠠᠯᠠᠭᠴᠢ ᠢᠢᠨ ᠨᠥᠬᠥᠴᠡᠯ ᠪᠠᠢᠢᠳᠠᠯ ᠲᠠᠢ ᠲᠠᠨᠢᠯᠴᠠᠵᠤ ᠵᠥᠪᠯᠡᠮᠵᠢ ᠭᠠᠷᠭᠠᠬᠤ ᠪᠥᠭᠡᠳ ᠡᠨᠡ ᠬᠦᠷᠢᠶᠡᠨ ᠳᠥ ᠤᠯᠤᠰ ᠤᠨ ᠶᠡᠬᠡ
ᠤᠯᠤᠰ ᠤᠨ ᠶᠡᠬᠡ ᠬᠤᠷᠠᠯ ᠤᠨ ᠴᠢᠭᠤᠯᠭᠠᠨ ᠤ ᠨᠢᠭᠡᠳᠦᠭᠰᠡᠨ ᠬᠤᠷᠠᠯᠳᠤᠭᠠᠨ ᠢᠶᠠᠷ ᠠᠪᠯᠢᠭ᠎ᠠ ᠲᠠᠢ ᠲᠡᠮᠡᠴᠡᠬᠦ ᠭᠠᠵᠠᠷ ᠤᠨ ᠳᠠᠷᠤᠭ᠎ᠠ᠂ ᠳᠡᠳ᠋ ᠳᠠᠷᠤᠭ᠎ᠠ ᠢᠢ ᠲᠤᠮᠢᠯᠠᠪᠠ
ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠠᠪᠯᠢᠭ᠎ᠠ ᠢᠢᠨ ᠡᠰᠡᠷᠬᠦ ᠬᠠᠤᠯᠢ ᠢᠢᠨ 21 ᠳᠤᠭᠡᠷ ᠵᠦᠢᠯ ᠦᠨ 21.1 ᠳ᠋ᠡᠬᠢ ᠬᠡᠰᠡᠭ ᠲᠥ ᠵᠢᠭᠠᠭᠰᠠᠨ ᠪᠦᠷᠢᠨ ᠡᠷᠬᠡ ᠢᠢᠨ ᠢᠶᠡᠨ ᠳᠠᠭᠠᠭᠤ ᠠᠪᠯᠢᠭ᠎ᠠ ᠲᠠᠢ ᠲᠡᠮᠡᠴᠡᠬᠦ ᠭᠠᠵᠠᠷ ᠤᠨ ᠳᠠᠷᠤᠭ᠎ᠠ ᠪᠠᠷ ᠵᠠᠨᠳᠠᠷᠠ ᠢᠢᠨ ᠳᠠᠰᠢᠳᠠᠸᠠ ᠢᠢ᠂ ᠳᠡᠳ᠋ ᠳᠠᠷᠤᠭ᠎ᠠ ᠪᠠᠷ ᠵᠠᠩᠵᠢᠶ᠎ᠠ ᠢᠢᠨ ᠪᠠᠲᠤᠰᠠᠢᠢᠬᠠᠨ ᠢ ᠲᠤᠰ ᠲᠤᠰ ᠲᠣᠮᠢᠯᠠᠭᠤᠯᠬᠤ ᠰᠠᠨᠠᠯ ᠢᠢᠠᠨ ᠤᠯᠤᠰ ᠤᠨ ᠶᠡᠬᠡ ᠬᠤᠷᠠᠯ ᠳᠤ ᠬᠦᠷᠭᠡᠭᠦᠯᠦᠭᠰᠡᠨ ᠢ ᠥᠨᠥᠳᠥᠷ ᠴᠢᠭᠤᠯᠭᠠᠨ ᠤ ᠨᠢᠭᠡᠳᠦᠭᠰᠡᠨ ᠬᠤᠷᠠᠯᠳᠤᠭᠠᠨ ᠢᠶᠠᠷ ᠬᠡᠯᠡᠯᠴᠡᠨ ᠳᠡᠮᠵᠢᠯ᠎ᠡ᠃
ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠳᠡᠭᠡᠷᠡᠬᠢ ᠰᠠᠨᠠᠯ ᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠵ ∙ ᠡᠩᠬᠡᠪᠣᠯᠤᠳ ᠴᠢᠭᠤᠯᠭᠠᠨ ᠤ ᠨᠢᠭᠡᠳᠦᠭᠰᠡᠨ ᠬᠤᠷᠠᠯᠳᠤᠭᠠᠨ ᠳᠤ ᠲᠠᠨᠢᠯᠴᠠᠭᠤᠯᠵᠤ᠂
ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ 《ᠴᠢᠯᠠᠭᠤᠨ ᠱᠠᠰᠲᠢᠷ》 ᠦᠵᠡᠰᠬᠦᠯᠡᠩ ᠢ ᠨᠡᠭᠡᠭᠡᠵᠦ ᠦᠭᠡ ᠬᠡᠯᠡᠪᠡ
ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠵᠡᠷᠯᠢᠭ᠋ ᠢᠢᠠᠷ ᠵᠢᠯ ᠪᠦᠷᠢ ᠤᠯᠠᠮᠵᠢᠯᠠᠯ ᠪᠣᠯᠭᠠᠨ ᠵᠣᠬᠢᠶᠠᠨ ᠪᠠᠢᠢᠭᠤᠯᠳᠠᠭ ᠦᠨᠳᠦᠰᠦᠨ ᠦ ᠪᠢᠴᠢᠭ᠌ ᠦᠰᠦᠭ ᠦᠨ ᠪᠠᠶᠠᠷ ᠢ ᠲᠣᠬᠢᠶᠠᠯᠳᠤᠭᠤᠯᠤᠨ ᠥᠨᠥᠳᠥᠷ ᠲᠥᠷᠥ ᠢᠢᠨ ᠣᠷᠳᠣᠨ ᠤ ᠮᠣᠩ᠋ᠭᠣᠯ ᠲᠥᠷᠥ ᠢᠢᠨ ᠲᠡᠦᠬᠡ ᠢᠢᠨ ᠮᠦᠽᠧᠢ ᠳᠥ 《ᠴᠢᠯᠠᠭᠤᠨ ᠱᠠᠰᠲᠢᠷ-2019》 ᠦᠵᠡᠰᠬᠦᠯᠡᠩ ᠨᠡᠭᠡᠭᠡᠯᠲᠡ ᠪᠡᠨ ᠬᠢᠯ᠎ᠡ᠃
ᠥᠩᠭᠡᠷᠡᠭᠰᠡᠨ ᠵᠢᠯ ᠲᠤᠰ ᠮᠦᠽᠧᠢ ᠳᠥ ᠮᠣᠩ᠋ᠭᠣᠯ ᠤᠨ ᠶᠡᠬᠡ ᠬᠠᠭᠠᠳ ᠭᠠᠳᠠᠭᠠᠳᠤ ᠤᠯᠤᠰ ᠤᠨ ᠬᠠᠭᠠᠳ ᠲᠤ ᠢᠯᠡᠭᠡᠵᠦ ᠪᠠᠢᠢᠭᠰᠠᠨ ᠵᠠᠬᠢᠳᠠᠯ ᠤᠨ ᠬᠠᠭᠤᠯᠪᠤᠷᠢ ᠨᠤᠭᠤᠳ ᠤᠨ ᠳᠡᠯᠭᠡᠨ ᠦᠵᠡᠭᠦᠯᠵᠦ ᠪᠠᠢᠢᠭᠰᠠᠨ ᠪᠣᠯ ᠥᠨᠥ ᠵᠢᠯ ᠤᠷᠠᠯᠢᠭ ᠰᠤᠳᠤᠯᠤᠭᠠᠴᠢ᠂ ᠤᠷᠠᠨ ᠪᠢᠴᠢᠭ᠌ᠡᠴᠢ ᠡ᠊ ∙ ᠠᠷᠢᠭᠤᠨᠪᠣᠯᠤᠳ᠂ ᠰᠢᠨᠵᠢᠯᠡᠬᠦ ᠤᠬᠠᠭᠠᠨ ᠤ ᠠᠺᠠᠳᠧᠮᠢ ᠢᠢᠨ ᠠᠷᠬᠧᠣᠯᠣᠭᠢ ᠢᠢᠨ ᠬᠦᠷᠢᠶᠡᠯᠡᠩ ᠦᠨ ᠡᠷᠳᠡᠮᠲᠡᠳ᠂ 《ᠰᠡᠮᠡᠭᠦᠨ》
ᠦᠨᠳᠦᠰᠦᠨ ᠦ ᠠᠶᠤᠯ ᠦᠭᠡᠢ ᠪᠠᠢᠢᠳᠠᠯ ᠢ ᠬᠠᠩᠭᠠᠬᠤ ᠲᠤᠰᠬᠠᠢᠢᠯᠠᠭᠰᠠᠨ ᠴᠢᠭ ᠡᠭᠦᠷᠭᠡ ᠲᠡᠢ ᠪᠠᠢᠢᠭᠤᠯᠤᠯᠭ᠎ᠠ ᠨᠤᠭᠤᠳ ᠤᠨ ᠤᠳᠤᠷᠢᠳᠤᠯᠭ᠎ᠠ ᠨᠤᠭᠤᠳ ᠲᠤ ᠡᠭᠦᠷᠭᠡ᠂ ᠴᠢᠭᠯᠡᠯ ᠦᠭᠪᠡ
ᠮᠣᠩ᠋ᠭᠣᠯ ᠤᠯᠤᠰ ᠤᠨ ᠶᠡᠷᠦᠩᠬᠡᠢᠢᠯᠡᠭᠴᠢ᠂ ᠦᠨᠳᠦᠰᠦᠨ ᠦ ᠠᠶᠤᠯ ᠦᠭᠡᠢ ᠪᠠᠢᠢᠳᠠᠯ ᠤᠨ ᠵᠥᠪᠯᠡᠯ ᠦᠨ ᠲᠡᠷᠢᠭᠦᠨ ᠬ ∙ ᠪᠠᠲᠤᠲᠤᠯᠭ᠎ᠠ ᠥᠨᠥᠳᠥᠷ ᠦᠨᠳᠦᠰᠦᠨ ᠦ ᠠᠶᠤᠯ ᠦᠭᠡᠢ ᠪᠠᠢᠢᠳᠠᠯ ᠢ ᠬᠠᠩ᠋ᠭᠠᠬᠤ ᠲᠤᠰᠬᠠᠢᠢᠯᠠᠭᠰᠠᠨ ᠴᠢᠭ ᠡᠭᠦᠷᠭᠡ ᠲᠡᠢ ᠪᠠᠢᠢᠭᠤᠯᠤᠯᠭ᠎ᠠ ᠨᠤᠭᠤᠳ ᠤᠨ ᠤᠳᠤᠷᠢᠳᠤᠯᠭ᠎ᠠ ᠨᠤᠭᠤᠳ ᠲᠠᠢ ᠠᠭᠤᠯᠵᠠᠵᠤ᠂ ᠡᠭᠦᠷᠭᠡ ᠴᠢᠭᠯᠡᠯ ᠥᠭᠭᠦᠯ᠎ᠡ᠃
ᠡᠨᠡ ᠦᠶ᠎ᠡ ᠪᠡᠷ ᠦᠨᠳᠦᠰᠦᠨ ᠦ ᠠᠶᠤᠯ ᠦᠭᠡᠢ ᠪᠠᠢᠢᠳᠠᠯ ᠢ ᠬᠠᠩ᠋ᠭᠠᠬᠤ ᠲᠤᠰᠬᠠᠢᠢᠯᠠᠭᠰᠠᠨ ᠴᠢᠭ ᠡᠭᠦᠷᠭᠡ ᠢᠢᠨ ᠪᠠᠢᠢᠭᠤᠯᠤᠯᠭ᠎ᠠ ᠨᠤᠭᠤᠳ ᠤᠨ 2018 ᠣᠨ ᠳᠤ ᠬᠠᠮᠲᠤᠷᠠᠨ ᠬᠡᠷᠡᠭᠵᠢᠭᠦᠯᠦᠭᠰᠡᠨ ᠨᠢᠭᠡᠳᠦᠭᠰᠡᠨ ᠠᠷᠭ᠎ᠠ ᠬᠡᠮᠵᠢᠶᠡᠨ ᠦ ᠲᠥᠯᠦᠪᠯᠡᠭᠡᠨ ᠦ ᠲᠠᠢᠢᠯᠤᠨ ᠮᠡᠳᠡᠭᠡ ᠢᠢ ᠰᠣᠨᠣᠰᠴᠤ᠂ 2019 ᠣᠨ ᠳᠤ ᠬᠠᠮᠲᠤᠷᠠᠨ ᠬᠡᠷᠡᠭᠵᠢᠭᠦᠯᠬᠦ ᠠᠵᠢᠯ ᠤᠨ ᠲᠥᠯᠦᠪᠯᠡᠭᠡ ᠢᠢ ᠰᠢᠨᠡᠴᠢᠯᠡᠨ ᠪᠠᠲᠤᠯᠠᠭᠰᠠᠨ ᠠᠰᠠᠭᠤᠳᠠᠯ ᠢᠶᠠᠷ ᠶᠠᠷᠢᠯᠴᠠᠪᠠ᠃
ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ
ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ 《ᠬᠡᠦᠬᠡᠳ ᠬᠠᠮᠠᠭᠠᠯᠠᠭᠴᠢ》 ᠲᠥᠰᠥᠯ ᠦᠨ ᠨᠡᠭᠡᠭᠡᠯᠲᠡ ᠳᠥ ᠣᠷᠣᠯᠴᠠᠵᠤ᠂ ᠦᠭᠡ ᠬᠡᠯᠡᠪᠡ
ᠬᠡᠦᠬᠡᠳ ᠢ ᠵᠣᠳᠣᠵᠤ ᠰᠢᠳᠬᠡᠬᠦ ᠢᠢᠨ ᠡᠰᠡᠷᠬᠦ ᠳᠡᠯᠡᠬᠡᠢ ᠢᠢᠨ ᠡᠳᠦᠷ ᠲᠣᠬᠢᠶᠠᠵᠤ ᠪᠠᠢᠢᠭ᠎ᠠ ᠲᠠᠢ ᠬᠣᠯᠪᠣᠭᠳᠠᠭᠤᠯᠤᠨ ᠥᠨᠥᠳᠥᠷ ᠰᠦᠬᠡᠪᠠᠭᠠᠲᠤᠷ ᠲᠠᠯᠠᠪᠠᠢ ᠳᠤ 《ᠬᠡᠦᠬᠡᠳ ᠬᠠᠮᠠᠭᠠᠯᠠᠭᠴᠢ》 ᠲᠥᠰᠥᠯ᠂ 《ᠵᠥᠪ ᠲᠤᠰᠬᠠᠯ》 ᠬᠥᠳᠡᠯᠭᠡᠭᠡᠨ ᠦ ᠨᠡᠭᠡᠭᠡᠯᠲᠡ ᠪᠣᠯᠤᠯ᠎ᠠ᠃
ᠡᠨᠡᠬᠦ ᠲᠥᠰᠥᠯ ᠨᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠵᠠᠷᠯᠢᠭ ᠢᠢᠡᠷ 2019-2020 ᠣᠨ ᠢ 《ᠬᠡᠦᠬᠡᠳ ᠦᠨ ᠬᠥᠭ᠍ᠵᠢᠯ᠂ ᠬᠠᠮᠠᠭᠠᠯᠠᠯ ᠤᠨ ᠵᠢᠯ》 ᠪᠣᠯᠭᠠᠨ ᠵᠠᠷᠯᠠᠭᠰᠠᠨ ᠲᠠᠢ ᠬᠣᠯᠪᠣᠭᠳᠠᠭᠤᠯᠤᠨ ᠴᠠᠭᠳᠠᠭ᠎ᠠ ᠢᠢᠨ ᠶᠡᠷᠦᠩᠬᠡᠢ ᠭᠠᠵᠠᠷ ᠠᠴᠠ ᠬᠡᠷᠡᠭᠵᠢᠭᠦᠯᠵᠦ ᠪᠠᠢᠢᠭ᠎ᠠ ᠲᠥᠰᠥᠯ ᠶᠤᠮ᠃ ᠲᠥᠰᠥᠯ ᠦᠨ ᠬᠦᠷᠢᠶᠡᠨ ᠳᠥ ᠶᠡᠷᠦᠩᠬᠡᠢ ᠪᠣᠯᠪᠠᠰᠤᠷᠠᠯ ᠤᠨ ᠰᠤᠷᠭᠠᠭᠤᠯᠢ ᠢᠢᠨ ᠰᠤᠷᠤᠭᠴᠢᠳ ᠤᠨ ᠰᠤᠷᠭᠠᠭᠤᠯᠢ ᠳᠠᠭᠠᠨ ᠬᠦᠷᠬᠦ᠂ ᠭᠡᠷ ᠲᠥ ᠪᠡᠨ ᠬᠠᠷᠢᠬᠤ ᠴᠢᠭᠯᠡᠯ ᠦᠨ ᠠᠶᠤᠯ ᠲᠠᠢ ᠵᠠᠮ᠂ ᠲᠠᠯᠠᠪᠠᠢ᠂ ᠤᠷᠴᠢᠨ ᠳᠤ ᠡᠴᠢᠭᠡ ᠡᠬᠡᠴᠦᠳ ᠲᠤᠰᠠᠯᠠᠮᠵᠢ
- 1
- 2
- 3
- 4
- 5
- 6
- 7
- 8
- 9
- 10
- 11
- 12
- 13
- 14
- 15
- 16
- 17
- 18
- 19
- 20
- 21
- 22
- 23
- 24
- 25
- 26
- 27
- 28
- 29
- 30
- 31
- 32
- 33
- 34
- 35
- 36
- 37
- 38
- 39
- 40
- 41
- 42
- 43
- 44
- 45
- 46
- 47
- 48
- 49
- 50
- 51
- 52
- 53
- 54
- 55
- 56
- 57
- 58
- 59
- 60
- 61
- 62
- 63
- 64
- 65
- 66
- 67
- 68
- 69
- 70
- 71
- 72
- 73
- 74
- 75
- 76
- 77
- 78
- 79
- 80
- 81
- 82
- 83
- 84
- 85
- 86
- 87
- 88
- 89
- 90
- 91
- 92
- 93
- 94
- 95
- 96
- 97
- 98
- 99
- 100
- …
- 177
- 178
- 179
- 180
- 181
- 182
- 183
- 184
- 185
- 186
- 187
- 188
- 189
- 190
- 191
- 192
- 193
- 194
- 195
- 196
- 197
- 198
- 199
- 200
- 201
- 202
- 203
- 204
- 205
- 206
- 207
- 208
- 209
- 210
- 211
- 212
- 213
- 214
- 215
- 216
- 217
- 218
- 219
- 220
- 221
- 222
- 223
- 224
- 225
- 226
- 227
- 228
- 229
- 230
- 231
- 232
- 233
- 234
- 235
- 236
- 237
- 238
- 239
- 240
- 241
- 242
- 243
- 244
- 245
- 246
- 247
- 248
- 249
- 250
- 251
- 252
- 253
- 254
- 255
- 256
- 257
- 258
- 259
- 260
- 261
- 262
- 263
- 264
- 265
- 266
- 267
- 268
- 269
- 270
- 271
- 272
- 273
- 274
- 275
- 276
- 277
- 278
- 279
- 280
- 281
- 282
- 283
- 284
- 285
- 286
- 287
- 288
- 289
- 290
- 291
- 292
- 293
- 294
- 295
- 296
- 297
- 298
- 299
- 300
- 301
- 302
- 303
- 304
- 305
- 306
- 307
- 308
- 309
- 310
- 311
- 312
- 313
- 314
- 315
- 316
- 317
- 318
- 319
- 320
- 321
- 322
- 323
- 324
- 325
- 326
- 327
- 328
- 329
- 330
- 331
- 332









