Та "Internet explorer"-ийн сүүлийн хувилбар болох "Microsoft edge"-г ашиглана уу

Хэрэв "Microsoft edge"-г татах бол энд дарж татаж авна уу

ᠠᠷᠬᠢᠸ
thumbnail 21.11.02-Uulzalt1
21.11.02-Uulzalt1
ᠮᠣᠩ᠋ᠭᠣᠯ ᠤᠯᠤᠰ ᠤᠨ ᠶᠡᠷᠦᠩᠬᠡᠶᠢᠯᠡᠭᠴᠢ ᠤ᠊ ∙ ᠬᠦᠷᠡᠯᠰᠦ᠋ᠬᠡ ᠠᠭᠤᠷ ᠠᠮᠢᠰᠬᠤᠯ ᠤᠨ ᠨᠣᠭᠣᠭᠠᠨ ᠰᠠᠩ ᠤᠨ ᠭᠦᠢᠴᠡᠳᠭᠡᠬᠦ ᠵᠠᠬᠢᠷᠤᠯ ᠲᠠᠢ ᠠᠭᠤᠯᠵᠠᠯ᠎ᠠ

ᠠᠭᠤᠷ ᠠᠮᠢᠰᠬᠤᠯ ᠤᠨ ᠥᠭᠡᠷᠡᠴᠢᠯᠡᠯᠲᠡ ᠶᠢᠨ ᠠᠰᠠᠭᠤᠳᠠᠯ ᠢᠢᠠᠷ ᠬᠢ ᠳᠡᠯᠡᠬᠡᠢ ᠶᠢᠨ ᠤᠳᠤᠷᠢᠳᠤᠭᠴᠢᠳ ᠤᠨ ᠳᠡᠭᠡᠳᠦ ᠲᠦᠪᠰᠢᠨ ᠦ ᠠᠭᠤᠯᠵᠠᠯᠲᠠ ᠳᠤ ᠣᠷᠣᠯᠴᠠᠵᠤ ᠪᠤᠢ ᠮᠣᠩ᠋ᠭᠣᠯ ᠤᠯᠤᠰ ᠤᠨ ᠶᠡᠷᠦᠩᠬᠡᠶᠢᠯᠡᠭᠴᠢ ᠤ᠊ ∙ ᠬᠦᠷᠡᠯᠰᠦ᠋ᠬᠡ ᠳᠥ ᠠᠭᠤᠷ ᠠᠮᠢᠰᠬᠤᠯ ᠤᠨ ᠨᠣᠭᠣᠭᠠᠨ ᠰᠠᠩ᠍ ᠦᠨ ᠭᠦᠢᠴᠡᠳᠭᠡᠬᠦ ᠵᠠᠬᠢᠷᠤᠯ ᠶᠠᠨ᠋ᠨᠢᠺ ᠭᠯᠧᠮᠠᠷᠧᠺ ᠪᠠᠷᠠᠭᠠᠯᠬᠠᠯ᠎ᠠ᠃

ᠠᠭᠤᠷ ᠠᠮᠢᠰᠬᠤᠯ ᠤᠨ ᠥᠭᠡᠷᠡᠴᠢᠯᠡᠯᠲᠡ ᠶᠢᠨ ᠲᠤᠬᠠᠢ ᠨᠢᠭᠡᠳᠦᠭᠰᠡᠨ ᠦᠨᠳᠦᠰᠦᠨ ᠦ ᠪᠠᠶᠢᠭᠤᠯᠤᠯᠭ᠎ᠠ ᠶᠢᠨ ᠰᠠᠭᠤᠷᠢ ᠺᠣᠨ᠋ᠸᠧᠨ᠋ᠼ ᠢ ᠬᠡᠷᠡᠭᠵᠢᠭᠦᠯᠬᠦ ᠳᠥ ᠬᠥᠭ᠍ᠵᠢᠵᠦ ᠪᠤᠢ ᠣᠷᠣᠨ ᠨᠤᠭᠤᠳ ᠲᠤ ᠰᠠᠩᠬᠦᠦ ᠶᠢᠨ ᠳᠡᠮᠵᠢᠯᠭᠡ ᠦᠵᠡᠭᠦᠯᠬᠦ᠂ ᠲᠧᠭᠨᠢᠭ᠂ ᠠᠷᠭ᠎ᠠ ᠵᠦᠢ ᠶᠢᠨ ᠵᠥᠪᠯᠡᠭᠡ ᠥᠭ᠍ᠬᠦ ᠴᠢᠭ᠌ ᠡᠭᠦᠷᠭᠡ ᠪᠦᠬᠦᠢ ᠠᠭᠤᠷ ᠠᠮᠢᠰᠬᠤᠯ ᠤᠨ ᠨᠣᠭᠣᠭᠠᠨ ᠰᠠᠩ ᠍ ᠲᠠᠢ ᠮᠣᠩ᠋ᠭᠣᠯ ᠤᠯᠤᠰ

thumbnail 21.11.01-Uur
21.11.01-Uur
ᠠᠭᠤᠷ ᠠᠮᠢᠰᠬᠤᠯ ᠤᠨ ᠥᠭᠡᠷᠡᠴᠢᠯᠡᠯᠲᠡ ᠢᠢᠨ ᠠᠰᠠᠭᠤᠳᠠᠯ ᠢᠢᠠᠷ ᠬᠢ ᠳᠡᠯᠡᠬᠡᠢ ᠢᠢᠨ ᠤᠳᠤᠷᠢᠳᠤᠭᠴᠢᠳ ᠤᠨ ᠳᠡᠭᠡᠳᠦ ᠲᠦᠪᠰᠢᠨ ᠦ ᠠᠭᠤᠯᠵᠠᠯᠲᠠ ᠡᠬᠢᠯᠡᠯ᠎ᠡ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦ᠋ᠬᠡ 2021 ᠣᠨ ᠤ 11 ᠳᠣᠭᠡᠷ ᠰᠠᠷ᠎ᠠ ᠢᠢᠨ 1-2 ᠍ ᠤ ᠡᠳᠦᠷ ᠦᠳ ᠲᠥ ᠶᠡᠬᠡ ᠪᠷᠢᠲ᠋ᠠᠨ᠂ ᠤᠮᠠᠷᠠᠳᠤ ᠢᠷᠯᠠᠨ᠋ᠳ᠋ ᠤᠨ ᠨᠢᠭᠡᠳᠦᠭᠰᠡᠨ ᠬᠠᠭᠠᠨᠲᠤ ᠤᠯᠤᠰ ᠍ ᠤᠨ ᠭᠯᠠᠽᠭᠣᠸ ᠬᠣᠲᠠᠨ᠎ᠠ ᠠᠭᠤᠷ ᠠᠮᠢᠰᠬᠤᠯ ᠤᠨ ᠥᠭᠡᠷᠡᠴᠢᠯᠡᠯᠲᠡ ᠢᠢᠨ ᠠᠰᠠᠭᠤᠳᠠᠯ ᠢᠢᠠᠷ ᠬᠢ ᠳᠡᠯᠡᠬᠡᠢ ᠢᠢᠨ ᠤᠳᠤᠷᠢᠳᠤᠭᠴᠢᠳ ᠤᠨ ᠳᠡᠭᠡᠳᠦ ᠲᠦᠪᠰᠢᠨ ᠦ ᠠᠭᠤᠯᠵᠠᠯᠲᠠ ᠳᠤ ᠣᠷᠣᠯᠴᠠᠵᠤ ᠪᠠᠢᠢᠨ᠎ᠠ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢ ᠬᠦᠷᠦᠯᠴᠡᠨ ᠢᠷᠡᠬᠦ ᠳᠥ ᠶᠡᠬᠡ ᠪᠷᠢᠲ᠋ᠠᠨ᠂ ᠤᠮᠠᠷᠠᠳᠤ ᠢᠷᠯᠠᠨ᠋ᠳ᠋ ᠤᠨ ᠨᠢᠭᠡᠳᠦᠭᠰᠡᠨ ᠬᠠᠭᠠᠨᠲᠤ ᠤᠯᠤᠰ ᠍ ᠤᠨ ᠶᠡᠷᠦᠩᠬᠡᠢ ᠰᠠᠢᠢᠳ ᠪᠣᠷᠢᠰ ᠵᠣᠨ᠋ᠰᠣᠨ᠂ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠶᠡᠷᠦᠩᠬᠡᠢ ᠨᠠᠷᠢᠨ ᠪᠢᠴᠢᠭ᠌ ᠦᠨ ᠳᠠᠷᠤᠭ᠎ᠠ

thumbnail 21.09.01 Greetings
21.09.01 Greetings
ᠮᠣᠩ᠋ᠭᠣᠯ ᠤᠯᠤᠰ ᠤᠨ ᠶᠡᠷᠦᠩᠬᠡᠢᠢᠯᠡᠭᠴᠢ ᠠᠭᠤᠷ ᠠᠮᠢᠰᠬᠤᠯ ᠤᠨ ᠥᠭᠡᠷᠡᠴᠢᠯᠡᠯᠲᠡ ᠢᠢᠨ ᠠᠰᠠᠭᠤᠳᠠᠯ ᠢᠢᠠᠷ ᠬᠢ ᠳᠡᠯᠡᠬᠡᠢ ᠢᠢᠨ ᠤᠳᠤᠷᠢᠳᠤᠭᠴᠢᠳ ᠤᠨ ᠳᠡᠭᠡᠳᠦ ᠲᠦᠪᠰᠢᠨ ᠦ ᠠᠭᠤᠯᠵᠠᠯᠲᠠ ᠳᠤ ᠣᠷᠣᠯᠴᠠᠬᠤ ᠪᠠᠷ ᠡᠬᠡ ᠣᠷᠣᠨ ᠠᠴᠠ ᠪᠠᠨ ᠮᠣᠷᠳᠠᠯ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦ᠋ᠬᠡ 2021 ᠣᠨ ᠤ 11  ᠳᠤᠭᠡᠷ ᠰᠠᠷ᠎ᠠ ᠢᠢᠨ 1-2 ᠍ ᠤ ᠡᠳᠦᠷ ᠦᠳ ᠲᠥ ᠶᠡᠬᠡ ᠪᠷᠢᠲ᠋ᠠᠨ᠂ ᠤᠮᠠᠷᠠᠳᠤ ᠢᠷᠯᠠᠨ᠋ᠳ᠋ ᠤᠨ ᠨᠢᠭᠡᠳᠦᠭᠰᠡᠨ ᠬᠠᠭᠠᠨᠲᠤ ᠤᠯᠤᠰ ᠍ ᠤᠨ ᠭᠯᠠᠽᠭᠣᠸ ᠬᠣᠲᠠᠨ᠎ᠠ ᠪᠣᠯᠬᠤ ᠠᠭᠤᠷ ᠠᠮᠢᠰᠬᠤᠯ ᠤᠨ ᠥᠭᠡᠷᠡᠴᠢᠯᠡᠯᠲᠡ ᠢᠢᠨ ᠠᠰᠠᠭᠤᠳᠠᠯᠠᠷ ᠢᠢᠠᠷ ᠬᠢ ᠳᠡᠯᠡᠬᠡᠢ ᠢᠢᠨ ᠤᠳᠤᠷᠢᠳᠤᠭᠴᠢᠳ ᠤᠨ ᠳᠡᠭᠡᠳᠦ ᠲᠦᠪᠰᠢᠨ ᠦ ᠠᠭᠤᠯᠵᠠᠯᠲᠠ ᠳᠤ ᠣᠷᠣᠯᠴᠠᠬᠤ ᠪᠠᠷ ᠡᠬᠡ ᠣᠷᠣᠨ ᠠᠴᠠ ᠪᠠᠨ ᠮᠣᠷᠳᠠᠯ᠎ᠠ᠃

ᠶᠡᠷᠦᠩᠬᠡᠢᠢᠯᠡᠭᠴᠢ ᠤ᠊ ∙ ᠬᠦᠷᠡᠯᠰᠦ᠋ᠬᠡ ᠠᠭᠤᠯᠵᠠᠯᠲᠠ ᠢᠢᠨ ᠶᠡᠷᠦᠩᠬᠡᠢ ᠰᠠᠨᠠᠯ ᠰᠢᠭᠦᠮᠵᠢᠯᠡᠯ ᠳᠥ ᠣᠷᠣᠯᠴᠠᠵᠤ᠂ ᠳᠡᠯᠡᠬᠡᠢ ᠢᠢᠨ ᠳᠤᠯᠠᠭᠠᠷᠠᠯ᠂ ᠠᠭᠤᠷ ᠠᠮᠢᠰᠬᠤᠯ ᠤᠨ ᠥᠭᠡᠷᠡᠴᠢᠯᠡᠯᠲᠡ ᠲᠡᠢ ᠲᠡᠮᠡᠴᠡᠬᠦ ᠠᠰᠠᠭᠤᠳᠠᠯ ᠢᠢᠠᠷ ᠬᠢ ᠮᠣᠩ᠋ᠭᠣᠯ ᠤᠯᠤᠰ ᠤᠨ ᠪᠠᠢᠢᠷᠢ ᠰᠠᠭᠤᠷᠢ ᠢᠢ

thumbnail 21.10.29-Canada
21.10.29-Canada
ᠮᠣᠩ᠋ᠭᠣᠯ ᠤᠯᠤᠰ ᠤᠨ ᠶᠡᠷᠦᠩᠬᠡᠢᠢᠯᠡᠭᠴᠢ ᠺᠠᠨᠠᠳ᠋ ᠤᠯᠤᠰ ᠤᠨ ᠡᠯᠴᠢᠨ ᠰᠠᠢᠢᠳ ᠢ ᠬᠦᠯᠢᠶᠡᠨ ᠠᠪᠴᠤ ᠠᠭᠤᠯᠵᠠᠯ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦ᠋ᠬᠡ ᠺᠠᠨᠠᠳ᠋ ᠤᠯᠤᠰ ᠤᠨ ᠡᠯᠴᠢᠨ ᠰᠠᠢᠢᠳ ᠬᠠᠲᠤᠭᠲᠠᠢ ᠺᠠᠲᠷᠢᠨ ᠢᠪᠺᠣᠹ ᠢ 2021 ᠣᠨ ᠤ 10 ᠳ᠋ᠤᠭᠠᠷ ᠰᠠᠷ᠎ᠠ ᠢᠢᠨ 29 ᠍ ᠦ ᠡᠳᠦᠷ ᠬᠦᠯᠢᠶᠡᠨ ᠠᠪᠴᠤ ᠠᠭᠤᠯᠵᠠᠪᠠ᠃

ᠡᠯᠴᠢᠨ ᠰᠠᠢᠢᠳ ᠺ ∙ ᠢᠸᠺᠣᠹ ᠮᠣᠩ᠋ᠭᠣᠯ ᠤᠯᠤᠰ ᠤᠨ ᠶᠡᠷᠦᠩᠬᠡᠢᠢᠯᠡᠭᠴᠢ ᠪᠡᠷ ᠰᠣᠩ᠋ᠭᠣᠭᠳᠠᠭᠰᠠᠨ ᠳᠤ ᠨᠢ ᠪᠠᠶᠠᠷ ᠬᠦᠷᠭᠡᠵᠦ᠂ ᠠᠮᠵᠢᠯᠲᠠ ᠬᠦᠰᠡᠭᠡᠳ ᠮᠣᠩ᠋ᠭᠣᠯ ᠂ ᠺᠠᠨᠠᠳ᠋ ᠤᠨ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ ᠬᠥᠭ᠍ᠵᠢᠭᠦᠯᠬᠦ ᠢᠢᠨ ᠲᠥᠯᠦᠭᠡ ᠨᠢᠭ᠌ᠲᠠ ᠬᠠᠮᠲᠤᠷᠠᠨ ᠠᠵᠢᠯᠯᠠᠬᠤ ᠢᠢᠨ ᠵᠡᠷᠭᠡᠴᠡᠭᠡ ᠶᠡᠷᠦᠩᠬᠡᠢᠢᠯᠡᠭᠴᠢ ᠢᠢᠨ ᠰᠠᠨᠠᠭᠠᠴᠢᠯᠠᠭᠰᠠᠨ 《ᠲᠡᠷᠪᠤᠮ ᠮᠣᠳᠣ》 ᠦᠨᠳᠦᠰᠦᠨ ᠦ ᠬᠥᠳᠡᠯᠭᠡᠭᠡᠨ ᠢ ᠳᠡᠮᠵᠢᠵᠦ ᠠᠵᠢᠯᠯᠠᠬᠤ ᠪᠠᠨ

thumbnail 21.10.29-British
21.10.29-British
ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦ᠋ᠬᠡ ᠪᠷᠢᠲ᠋ᠠᠨ ᠤ ᠡᠯᠴᠢᠨ ᠰᠠᠢᠢᠳ ᠢ ᠬᠦᠯᠢᠶᠡᠨ ᠠᠪᠴᠤ ᠠᠭᠤᠯᠵᠠᠪᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦ᠋ᠬᠡ 2021 ᠣᠨ ᠤ 10 ᠳ᠋ᠤᠭᠠᠷ ᠰᠠᠷ᠎ᠠ ᠢᠢᠨ 29 ᠍ ᠦ ᠡᠳᠦᠷ ᠶᠡᠬᠡ ᠪᠷᠢᠲ᠋ᠠᠨ᠂ ᠤᠮᠠᠷᠠᠳᠤ ᠢᠷᠯᠠᠨ᠋ᠳ᠋ ᠍ ᠤᠨ ᠨᠢᠭᠡᠳᠦᠭᠰᠡᠨ ᠬᠠᠭᠠᠨᠲᠤ ᠤᠯᠤᠰ ᠠᠴᠠ ᠮᠣᠩ᠋ᠭᠣᠯ ᠤᠯᠤᠰ ᠲᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠹ ∙ ᠮᠠᠯᠤᠨ ᠢ ᠬᠦᠯᠢᠶᠡᠨ ᠠᠪᠴᠤ ᠠᠭᠤᠯᠵᠠᠪᠠ᠃

ᠶᠡᠷᠦᠩᠬᠡᠢᠢᠯᠡᠭᠴᠢ ᠤ᠊ ∙ ᠬᠦᠷᠡᠯᠰᠦ᠋ᠬᠡ ᠠᠭᠤᠯᠵᠠᠯᠲᠠ ᠢᠢᠨ ᠡᠬᠢᠨ ᠳᠥ ᠴᠠᠷ᠎ ᠲᠠᠬᠤᠯ ᠤᠨ ᠬᠦᠨᠳᠦ ᠨᠥᠬᠥᠴᠡᠯ ᠪᠠᠢᠢᠳᠠᠯ ᠳᠤ ᠮᠠᠨ ᠤ ᠤᠯᠤᠰ ᠤᠨ ᠢᠷᠭᠡᠳ ᠦᠨ ᠳᠠᠷᠬᠠᠯᠠᠵᠢᠭᠤᠯᠤᠯᠲᠠ ᠢᠢ ᠨᠡᠮᠡᠭᠳᠡᠭᠦᠯᠬᠦ ᠳᠥ ᠴᠢᠬᠤᠯᠠ ᠠᠴᠢ

thumbnail 21.10.29-IJB
21.10.29-IJB
ᠡᠯᠴᠢᠨ ᠰᠠᠢᠢᠳ ᠨᠠᠷ ᠲᠤ ᠢᠲᠡᠭᠡᠮᠵᠢᠯᠡᠬᠦ ᠵᠢᠭᠤᠬᠤ ᠪᠢᠴᠢᠭ ᠢ ᠨᠢ ᠭᠠᠷᠳᠠᠭᠤᠯᠤᠯ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊ ∙ ᠬᠦᠷᠡᠯᠰᠦ᠋ᠬᠡ ᠮᠣᠩ᠋ᠭᠣᠯ ᠤᠯᠤᠰ ᠠᠴᠠ ᠣᠷᠣᠰ ᠤᠨ ᠬᠣᠯᠪᠣᠭᠠᠨ ᠤ ᠤᠯᠤᠰ ᠲᠤ ᠰᠠᠭᠤᠬᠤ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠥᠯᠵᠡᠢᠢᠰᠠᠢᠢᠬᠠᠨ ᠤ ᠡᠩᠬᠡᠲᠦᠪᠰᠢᠨ᠂ ᠮᠣᠩ᠋ᠭᠣᠯ ᠤᠯᠤᠰ ᠠᠴᠠ ᠠᠷᠠᠪ ᠤᠨ ᠪᠦᠭᠦᠳᠡ ᠨᠠᠢᠢᠷᠠᠮᠳᠠᠬᠤ ᠶᠧᠭᠢᠫᠧᠲ ᠤᠯᠤᠰ ᠲᠤ ᠰᠠᠭᠤᠬᠤ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠡᠩᠬᠡᠲᠦᠪᠰᠢᠨ ᠦ ᠪᠤᠯᠠᠭᠠᠨ᠂ ᠮᠣᠩ᠋ᠭᠣᠯ ᠤᠯᠤᠰ ᠠᠴᠠ ᠶᠡᠬᠡ ᠪᠷᠢᠲ᠋ᠠᠨ᠂ ᠤᠮᠠᠷᠠᠳᠤ ᠢᠷᠯᠠᠨ᠋ᠳ᠋ ᠍ ᠤᠨ ᠨᠢᠭᠡᠳᠦᠭᠰᠡᠨ ᠬᠠᠭᠠᠨᠲᠤ ᠤᠯᠤᠰ ᠲᠤ ᠰᠠᠭᠤᠬᠤ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠪᠠᠲᠤᠲᠡᠮᠦᠷ ᠦᠨ ᠡᠩᠬᠡᠰᠦ᠋ᠭᠡ

thumbnail 21.10.28-Photograph
21.10.28-Photograph
《ᠴᠥᠯᠵᠢᠯᠲᠡ ᠮᠣᠩ᠋ᠭᠣᠯ ᠳᠤ》 ᠭᠡᠷᠡᠯ ᠵᠢᠷᠤᠭ ᠤᠨ ᠤᠷᠤᠯᠳᠤᠭᠠᠨ ᠤ ᠰᠢᠯᠢᠳᠡᠭ ᠪᠦᠲᠦᠭᠡᠯ ᠦᠳ ᠲᠣᠳᠣᠷᠠᠯ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ᠂ ᠪᠠᠢᠢᠭᠠᠯᠢ ᠣᠷᠴᠢᠨ᠂ ᠠᠶᠠᠯᠠᠯ ᠵᠢᠭᠤᠯᠴᠢᠯᠠᠯ ᠤᠨ ᠶᠠᠮᠤ᠂ ᠮᠣᠩ᠋ᠭᠣᠯ ᠤᠨ ᠭᠡᠷᠡᠯ ᠵᠢᠷᠤᠭᠴᠢᠳ ᠤᠨ ᠨᠢᠭᠡᠳᠦᠭᠰᠡᠨ ᠬᠣᠯᠪᠣᠭ᠎ᠠ ᠬᠠᠮᠲᠤᠷᠠᠨ ᠵᠣᠬᠢᠶᠠᠨ ᠪᠠᠢᠢᠭᠤᠯᠤᠭᠰᠠᠨ 《ᠴᠥᠯᠵᠢᠯᠲᠡ ᠮᠣᠩ᠋ᠭᠣᠯ ᠳᠤ》 ᠭᠡᠷᠡᠯ ᠵᠢᠷᠤᠭ ᠤᠨ ᠤᠷᠤᠯᠳᠤᠭᠠᠨ ᠤ ᠰᠢᠯᠢᠳᠡᠭ ᠪᠦᠲᠦᠭᠡᠯ ᠦᠳ ᠲᠣᠳᠣᠷᠠᠯ᠎ᠠ᠃

ᠤᠷᠤᠯᠳᠤᠭᠠᠨ ᠳᠤ ᠮᠡᠷᠭᠡᠵᠢᠯ ᠦᠨ ᠪᠣᠯᠤᠨ ᠰᠣᠨᠢᠷᠬᠠᠭᠴᠢᠳ 200 ᠭᠠᠷᠤᠢ ᠪᠦᠲᠦᠭᠡᠯ ᠢᠶᠡᠨ ᠢᠷᠡᠭᠦᠯᠦᠭᠰᠡᠨ ᠡᠴᠡ ᠄

1 ᠳᠤᠭᠡᠷ ᠪᠠᠢᠢᠷᠢ ᠳᠤ ᠰ ∙ ᠴᠢᠩᠪᠠᠲᠤ ᠢᠢᠨ 《ᠭᠠᠮᠰᠢᠭ ᠭᠠᠳᠠᠭ᠎ᠠ ᠢᠷᠡᠭᠡᠳ ᠪᠠᠢᠢᠨ᠎ᠠ》

2 ᠳ᠋ᠤᠭᠠᠷ ᠪᠠᠢᠢᠷᠢ ᠳᠤ ᠡ᠊ ∙ ᠮᠥᠩᠬᠡᠴᠢᠯᠠᠭᠤᠨ ᠤ 《ᠭᠠᠵᠠᠷ ᠤᠨ ᠬᠢᠯᠢᠩ》

3 ᠳ᠋ᠤᠭᠠᠷ ᠪᠠᠢᠢᠷᠢ ᠳᠤ ᠫ ∙ ᠣᠳᠬᠠᠨᠪᠠᠭᠠᠲᠤᠷ ᠤᠨ 《ᠴᠥᠯ ᠳᠥ ᠠᠯᠬᠤᠵᠤ ᠪᠤᠢ ᠡᠮᠡᠭᠲᠡᠢ》

ᠲᠤᠰᠬᠠᠢ ᠪᠠᠢᠢᠷᠢ ᠳᠤ᠄ ᠬ

thumbnail 21.10.26 Exibition
21.10.26 Exibition
ᠨᠢᠭᠡᠨ ᠵᠠᠭᠤᠨ ᠤ ᠲᠡᠦᠬᠡ ᠢᠢ ᠦᠭᠦᠯᠡᠭᠰᠡᠨ ᠭᠡᠷᠡᠯ ᠵᠢᠷᠤᠭ ᠤᠨ ᠦᠵᠡᠰᠬᠦᠯᠡᠩ ᠨᠡᠭᠡᠭᠡᠯᠲᠡ ᠪᠡᠨ ᠬᠢᠯ᠎ᠡ

ᠮᠣᠩ᠋ᠭᠣᠯ ᠤᠯᠤᠰ᠂ ᠣᠷᠣᠰ ᠤᠨ ᠬᠣᠯᠪᠣᠭᠠᠨ ᠤ ᠤᠯᠤᠰ ᠤᠨ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ 100 ᠵᠢᠯ ᠦᠨ ᠣᠢ ᠡᠨᠡ ᠣᠨ ᠳᠤ ᠲᠣᠬᠢᠶᠠᠵᠤ ᠪᠠᠢᠢᠨ᠎ᠠ᠃

1921 ᠣᠨ ᠤ 11 ᠳᠦᠭᠡᠷ ᠰᠠᠷ᠎ᠠ ᠢᠢᠨ 05 ᠍ ᠤ ᠡᠳᠦᠷ ᠮᠣᠰᠺᠸᠠ ᠬᠣᠲᠠᠨ᠎ᠠ ᠠᠷᠠᠳ ᠤᠨ ᠵᠠᠰᠠᠭ ᠤᠨ ᠭᠠᠵᠠᠷ ᠪᠠ ᠵᠥᠪᠯᠡᠯᠲᠦ ᠰᠣᠼᠢᠶᠠᠯᠢᠰᠲ ᠪᠦᠭᠦᠳᠡ ᠨᠠᠢᠢᠷᠠᠮᠳᠠᠬᠤ ᠣᠷᠣᠰ ᠤᠯᠤᠰ ᠤᠨ ᠵᠠᠰᠠᠭ ᠤᠨ ᠭᠠᠵᠠᠷ ᠬᠣᠭᠣᠷᠣᠨᠳᠣ ᠨᠠᠢᠢᠷᠠᠮᠳᠠᠯ ᠤᠨ ᠬᠡᠯᠡᠯᠴᠡᠭᠡᠷ ᠲᠣ ᠭᠠᠷ ᠤᠨ ᠦᠰᠦᠭ ᠵᠢᠷᠤᠭᠰᠠᠨ ᠲᠡᠦᠬᠡ ᠲᠡᠢ᠃

ᠬᠣᠶᠠᠷ ᠣᠷᠣᠨ ᠤ ᠬᠠᠷᠢᠯᠴᠠᠭᠠᠨ ᠤ ᠨᠢᠭᠡᠨ ᠵᠠᠭᠤᠨ ᠤ ᠬᠥᠭ᠍ᠵᠢᠯ ᠦᠨ ᠲᠡᠦᠬᠡ ᠢᠢ ᠢᠷᠡᠭᠡᠳᠦᠢ ᠬᠣᠢᠢᠴᠢ ᠦᠶ᠎ᠡ᠂ ᠬᠡᠦᠬᠡᠳ᠂ ᠵᠠᠯᠠᠭᠤᠰ ᠲᠤ ᠰᠤᠷᠲᠠᠯᠴᠢᠯᠠᠨ ᠲᠠᠨᠢᠭᠤᠯᠬᠤ᠂ ᠮᠥᠩᠬᠡᠯᠡᠨ ᠦᠯᠡᠳᠡᠭᠡᠬᠦ ᠵᠣᠷᠢᠯᠭ᠎ᠠ ᠪᠠᠷ

thumbnail 21.10.21-Germany
21.10.21-Germany
ᠮᠣᠩ᠋ᠭᠣᠯ ᠤᠯᠤᠰ᠂ ᠬᠣᠯᠪᠣᠭᠠᠨ ᠤ ᠪᠦᠭᠦᠳᠡ ᠨᠠᠢᠢᠷᠠᠮᠳᠠᠬᠤ ᠭᠧᠷᠮᠠᠨ ᠤᠯᠤᠰ ᠤᠨ ᠵᠡᠪᠰᠡᠭᠲᠦ ᠬᠦᠴᠦᠨ ᠦ ᠬᠠᠮᠲᠤᠷᠠᠭᠰᠠᠨ ᠠᠭᠤᠯᠠ ᠢᠢᠨ ᠶᠠᠪᠠᠭᠠᠨ ᠴᠡᠷᠢᠭ ᠦᠨ ᠰᠤᠷᠭᠠᠯᠲᠠ ᠢᠢᠨ ᠦᠢᠯᠡ ᠠᠵᠢᠯᠯᠠᠭ᠎ᠠ ᠲᠠᠢ ᠲᠠᠨᠢᠯᠴᠠᠯ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ᠂ ᠵᠡᠪᠰᠡᠭᠲᠦ ᠬᠦᠴᠦᠨ ᠦ ᠶᠡᠷᠦᠩᠬᠡᠢ ᠺᠣᠮᠠᠨ᠋ᠳ᠋ᠯᠠᠭᠴᠢ ᠤ᠊ ∙ ᠬᠦᠷᠡᠯᠰᠦ᠋ᠬᠡ ᠮᠣᠩ᠋ᠭᠣᠯ ᠤᠯᠤᠰ᠂ ᠬᠣᠯᠪᠣᠭᠠᠨ ᠤ ᠪᠦᠭᠦᠳᠡ ᠨᠠᠢᠢᠷᠠᠮᠳᠠᠬᠤ ᠭᠧᠷᠮᠠᠨ ᠤᠯᠤᠰ ᠤᠨ ᠵᠡᠪᠰᠡᠭᠲᠦ ᠬᠦᠴᠦᠨ ᠦ ᠬᠠᠮᠲᠤᠷᠠᠭᠰᠠᠨ ᠠᠭᠤᠯᠠ ᠢᠢᠨ ᠶᠠᠪᠠᠭᠠᠨ ᠴᠡᠷᠢᠭ ᠦᠨ III ᠱᠠᠲᠤᠨ ᠤ ᠰᠤᠷᠭᠠᠯᠲᠠ ᠢᠢᠨ ᠦᠢᠯᠡ ᠠᠵᠢᠯᠯᠠᠭ᠎ᠠ ᠲᠠᠢ ᠲᠠᠨᠢᠯᠴᠠᠯ᠎ᠠ᠃

ᠬᠣᠶᠠᠷ ᠤᠯᠤᠰ ᠤᠨ ᠪᠠᠲᠤᠯᠠᠨ ᠬᠠᠮᠠᠭᠠᠯᠠᠬᠤ ᠰᠠᠯᠪᠤᠷᠢ ᠢᠢᠨ ᠬᠠᠮᠲᠤ ᠢᠢᠨ ᠠᠵᠢᠯᠯᠠᠭᠠᠨ ᠤ ᠬᠦᠷᠢᠶᠡᠨ ᠳᠥ ᠲᠤᠰ ᠰᠤᠷᠭᠠᠯᠲᠠ ᠢᠢ 2019 ᠣᠨ ᠠᠴᠠ ᠡᠬᠢᠯᠡᠨ ᠵᠢᠯ ᠪᠦᠷᠢ ᠵᠣᠬᠢᠶᠠᠨ ᠪᠠᠢᠢᠭᠤᠯᠵᠤ ᠪᠤᠢ ᠪᠥᠭᠡᠳ ᠮᠣᠩ᠋ᠭᠣᠯ ᠤᠯᠤᠰ ᠤᠨ ᠵᠡᠪᠰᠡᠭᠲᠦ ᠬᠦᠴᠦᠨ ᠦ ᠠᠭᠤᠯᠠ ᠢᠢᠨ ᠲᠤᠰᠬᠠᠢ ᠪᠠᠲ᠋ᠯᠢᠶᠣᠨ ᠪᠤᠶᠤ 331  ᠳᠦᠭᠡᠷ ᠠᠩᠬᠢ ᠢᠢᠨ ᠠᠯᠪᠠ