Та "Internet explorer"-ийн сүүлийн хувилбар болох "Microsoft edge"-г ашиглана уу

Хэрэв "Microsoft edge"-г татах бол энд дарж татаж авна уу

ᠠᠷᠬᠢᠸ
thumbnail 21.06.25 Ug
21.06.25 Ug
ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ᠄ ᠮᠣᠩ᠋ᠭᠣᠯ  ᠤᠨ ᠠᠷᠠᠳ ᠲᠦᠮᠡᠨ ᠦ ᠬᠠᠮᠤᠭ ᠤᠨ ᠲᠣᠮᠤ ᠪᠠᠶᠠᠯᠢᠭ ᠪᠣᠯ ᠮᠣᠩ᠋ᠭᠣᠯ ᠬᠦᠮᠦᠨ ᠲᠠ ᠥᠪᠡᠷ ᠢᠶᠡᠨ ᠶᠤᠮ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠮᠣᠩ᠋ᠭᠣᠯ ᠤᠯᠤᠰ ᠤᠨ ᠶᠡᠬᠡ ᠬᠤᠷᠠᠯ ᠳᠤ ᠲᠠᠩ᠋ᠭᠠᠷᠢᠭ ᠡᠷᠭᠦᠭ᠍ᠰᠡᠨ ᠦ ᠪᠡᠨ ᠳᠠᠷᠠᠭ᠎ᠠ ᠠᠷᠠᠳ ᠲᠦᠮᠡᠨ ᠳᠥ ᠪᠡᠨ ᠬᠠᠨᠳᠤᠨ ᠬᠡᠯᠡᠭᠰᠡᠨ ᠦᠭᠡ ᠢᠢ ᠪᠦᠷᠢᠨ ᠡᠬᠢ ᠪᠡᠷ ᠨᠢ ᠬᠦᠷᠭᠡᠵᠦ ᠪᠠᠢᠢᠨ᠎ᠠ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠄

《ᠮᠠᠨ ᠤ ᠤᠯᠤᠰ ᠤᠨ ᠡᠷᠬᠢᠮ ᠬᠦᠨᠳᠦᠳᠦ ᠠᠷᠠᠳ ᠢᠷᠭᠡᠳ ᠡ᠂
ᠮᠢᠨᠦ ᠮᠣᠩ᠋ᠭᠣᠯ  ᠤᠨ ᠡᠯᠢᠭᠡ ᠨᠢᠭᠡᠲᠦ ᠠᠬᠠᠨ ᠳᠡᠭᠦᠰ ᠡ᠂
ᠮᠣᠩ᠋ᠭᠣᠯ ᠤᠯᠤᠰ ᠤᠨ ᠶᠡᠬᠡ ᠬᠤᠷᠠᠯ᠂ ᠵᠠᠰᠠᠭ ᠤᠨ ᠭᠠᠵᠠᠷ ᠤᠨ ᠡᠷᠬᠢᠮ ᠭᠡᠰᠢᠭᠦᠳ ᠡ᠂
ᠡᠷᠬᠢᠮ ᠬᠦᠨᠳᠦᠳᠦ ᠵᠣᠴᠢᠳ᠂ ᠲᠥᠯᠥᠭᠡᠯᠡᠭᠴᠢᠳ ᠡ᠂

ᠮᠢᠨᠦ ᠪᠡᠶ᠎ᠡ ᠪᠦᠷᠢᠨ ᠡᠷᠬᠡᠲᠦ᠂

thumbnail 21.06.25 Tangarag
21.06.25 Tangarag
ᠮᠣᠩ᠋ᠭᠣᠯ ᠤᠯᠤᠰ ᠤᠨ ᠵᠢᠷᠭᠤᠭ᠎ᠠ ᠳ᠋ᠠᠬᠢ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠲᠠᠩ᠋ᠭᠠᠷᠢᠭ ᠡᠷᠭᠦᠯ᠎ᠡ

ᠮᠣᠩ᠋ᠭᠣᠯ ᠤᠯᠤᠰ ᠤᠨ ᠵᠢᠷᠭᠤᠭ᠎ᠠ ᠳᠠᠬᠢ ᠶᠡᠷᠦᠩᠬᠡᠢᠢᠯᠡᠭᠴᠢ ᠪᠡᠷ ᠰᠣᠩ᠋ᠭᠣᠭᠳᠠᠭᠰᠠᠨ ᠤᠬᠤᠨ᠎ᠠ ᠢᠢᠨ ᠬᠦᠷᠡᠯᠰᠦ᠋ᠬᠡ ᠢᠢᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠲᠠᠩ᠋ᠭᠠᠷᠢᠭ ᠡᠷᠭᠦᠬᠦ ᠶᠣᠰᠣᠯᠠᠯ ᠤᠨ ᠠᠵᠢᠯᠯᠠᠭ᠎ᠠ ᠥᠨᠥᠳᠥᠷ ᠲᠥᠷᠥ ᠢᠢᠨ ᠣᠷᠳᠣᠨ ᠤ 《ᠶᠡᠬᠡ ᠮᠣᠩ᠋ᠭᠣᠯ 》 ᠲᠠᠩᠬᠢᠮ ᠳᠤ ᠪᠣᠯᠤᠯ᠎ᠠ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠲᠠᠩ᠋ᠭᠠᠷᠢᠭ ᠡᠷᠭᠦᠬᠦ ᠶᠣᠰᠣᠯᠠᠯ ᠤᠨ ᠡᠮᠦᠨ᠎ᠡ ᠰᠢᠨ᠎ᠡ ᠰᠣᠩ᠋ᠭᠣᠭᠳᠠᠭᠰᠠᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠭᠡᠷᠭᠡᠢ ᠢᠢᠨ ᠬᠠᠮᠲᠤ ᠶᠡᠬᠡ ᠡᠵᠡᠨ ᠴᠢᠩᠭᠢᠰ ᠬᠠᠭᠠᠨ ᠤ ᠬᠥᠰᠢᠶᠡᠨ ᠳᠥ ᠬᠦᠨᠳᠦᠳᠬᠡᠯ ᠦᠵᠡᠭᠦᠯᠪᠡ᠃

ᠲᠠᠩ᠋ᠭᠠᠷᠢᠭ ᠡᠷᠭᠦᠬᠦ ᠶᠣᠰᠣᠯᠠᠯ᠂ ᠲᠡᠭᠦᠨ ᠳᠥ ᠵᠣᠷᠢᠭᠤᠯᠤᠭᠰᠠᠨ ᠤᠯᠤᠰ ᠤᠨ ᠶᠡᠬᠡ ᠬᠤᠷᠠᠯ ᠤᠨ ᠬᠦᠨᠳᠦᠳᠬᠡᠯ ᠦᠨ ᠬᠤᠷᠠᠯᠳᠤᠭᠠᠨ ᠢ ᠤᠯᠤᠰ ᠤᠨ ᠶᠡᠬᠡ ᠬᠤᠷᠠᠯ ᠤᠨ ᠳᠠᠷᠤᠭ᠎ᠠ

thumbnail 20.02.01 Suld
20.02.01 Suld
ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠲᠠᠩ᠋ᠭᠠᠷᠢᠭ ᠡᠷᠭᠦᠬᠦ ᠶᠣᠰᠣᠯᠠᠯ ᠪᠣᠯᠤᠨ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠨᠠᠢᠢᠮᠠ ᠳ᠋ᠠᠬᠢ ᠤᠳᠠᠭ᠎ᠠ ᠢᠢᠨ ᠰᠣᠩ᠋ᠭᠣᠭᠤᠯᠢ 2021 ᠣᠨ ᠤ ᠵᠢᠷᠭᠤᠳᠤᠭᠠᠷ ᠰᠠᠷ᠎ᠠ ᠢᠢᠨ 9 ᠍ ᠦ ᠡᠳᠦᠷ ᠪᠣᠯᠵᠤ᠂ ᠮᠣᠩ᠋ᠭᠣᠯ ᠠᠷᠠᠳ ᠤᠨ ᠨᠠᠮ ᠠᠴᠠ ᠨᠡᠷ᠎ᠡ ᠳᠡᠪᠰᠢᠭᠴᠢ ᠤᠬᠤᠨ᠎ᠠ ᠢᠢᠨ ᠬᠦᠷᠡᠯᠰᠦ᠋ᠬᠡ ᠨᠡᠢᠢᠲᠡ ᠰᠣᠩ᠋ᠭᠣᠭᠴᠢᠳ ᠤᠨ 67.69 ᠬᠤᠪᠢ ᠢᠢᠨ ᠰᠠᠨᠠᠯ ᠢᠶᠠᠷ ᠢᠯᠠᠯᠲᠠ ᠪᠠᠢᠢᠭᠤᠯᠤᠭᠰᠠᠨ ᠪᠢᠯᠡ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠰᠣᠩ᠋ᠭᠣᠭᠤᠯᠢ ᠢᠢᠨ ᠳ᠋ᠦᠩ ᠢ ᠤᠯᠤᠰ ᠤᠨ ᠶᠡᠬᠡ ᠬᠤᠷᠠᠯ ᠤᠨ ᠴᠢᠭᠤᠯᠭᠠᠨ ᠤ 2021 ᠣᠨ ᠤ ᠵᠢᠷᠭᠤᠳᠤᠭᠠᠷ ᠰᠠᠷ᠎ᠠ ᠢᠢᠨ 11 ᠍ ᠦ ᠡᠳᠦᠷ ᠦᠨ ᠨᠢᠭᠡᠳᠦᠭᠰᠡᠨ ᠬᠤᠷᠠᠯᠳᠤᠭᠠᠨ ᠢᠶᠠᠷ ᠬᠡᠯᠡᠯᠴᠡᠵᠦ᠂ ᠤᠬᠤᠨ᠎ᠠ ᠢᠢᠨ ᠬᠦᠷᠡᠯᠰᠦ᠋ᠬᠡ ᠢᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠪᠡᠷ ᠰᠣᠩ᠋ᠭᠣᠭᠳᠠᠭᠰᠠᠨ ᠭᠡᠵᠦ ᠦᠵᠡᠵᠦ᠂

thumbnail 21.06.24 Academych
21.06.24 Academych
ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠣᠷᠣᠰ ᠤᠨ ᠬᠣᠯᠪᠣᠭᠠᠨ ᠤ ᠤᠯᠤᠰ ᠤᠨ ᠳᠦᠷᠰᠦᠯᠡᠬᠦ ᠤᠷᠠᠯᠢᠭ ᠤᠨ ᠠᠺᠠᠳᠧᠮᠢ ᠢᠢᠨ ᠬᠦᠨᠳᠦᠲᠦ ᠠᠺᠠᠳᠧᠮᠢᠴᠢ ᠪᠣᠯᠤᠯ᠎ᠠ

ᠣᠷᠣᠰ ᠤᠨ ᠬᠣᠯᠪᠣᠭᠠᠨ ᠤ ᠤᠯᠤᠰ ᠤᠨ ᠳᠦᠷᠰᠦᠯᠡᠬᠦ ᠤᠷᠠᠯᠢᠭ ᠤᠨ ᠠᠺᠠᠳᠧᠮᠢ ᠢᠢᠨ ᠲᠡᠷᠢᠭᠦᠯᠡᠭᠴᠢᠳ ᠦᠨ 2021 ᠣᠨ ᠤ ᠳᠥᠷᠪᠡᠳᠦᠭᠡᠷ ᠰᠠᠷ᠎ᠠ ᠢᠢᠨ 06 ᠍ ᠤ ᠡᠳᠦᠷ ᠦᠨ ᠬᠤᠷᠠᠯ ᠢᠶᠠᠷ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬᠠᠯᠲᠠᠮ᠎ᠠ ᠢᠢᠨ ᠪᠠᠲᠤᠲᠤᠯᠭ᠎ᠠ ᠳᠤ ᠲᠤᠰ ᠠᠺᠠᠳᠧᠮᠢ ᠢᠢᠨ ᠬᠦᠨᠳᠦᠲᠦ ᠠᠺᠠᠳᠧᠮᠢᠴᠢ ᠴᠣᠯᠠ ᠢᠢ ᠣᠯᠭᠤᠬᠤ ᠰᠢᠢᠳᠪᠦᠷᠢ ᠢᠢ ᠭᠠᠷᠭᠠᠭᠰᠠᠨ ᠪᠠᠢᠢᠨ᠎ᠠ᠃

ᠡᠨᠡ ᠰᠢᠢᠳᠪᠦᠷᠢ ᠢᠢᠨ ᠳᠠᠭᠠᠭᠤ ᠣᠷᠣᠰ ᠤᠨ ᠬᠣᠯᠪᠣᠭᠠᠨ ᠤ ᠤᠯᠤᠰ ᠠᠴᠠ ᠮᠣᠩ᠋ᠭᠣᠯ ᠤᠯᠤᠰ ᠲᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠢ᠊ ∙ ᠺ ∙ ᠠᠽᠢᠽᠣᠸ ᠥᠨᠥᠳᠥᠷ ᠳᠦᠷᠰᠦᠯᠡᠬᠦ ᠤᠷᠠᠯᠢᠭ ᠤᠨ ᠠᠺᠠᠳᠧᠮᠢ ᠢᠢᠨ ᠬᠦᠨᠳᠦᠲᠦ ᠠᠺᠠᠳᠧᠮᠢᠴᠢ ᠢᠢᠨ ᠡᠷᠭᠦᠮᠵᠢᠯᠡᠯ᠂ ᠠᠯᠲᠠᠨ ᠲᠡᠮᠳᠡᠭ ᠢ ᠮᠣᠩ᠋ᠭᠣᠯ

thumbnail 21.06.18 Noyon uul
21.06.18 Noyon uul
ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠨᠣᠶᠠᠨ ᠠᠭᠤᠯᠠ ᠢᠢ ᠲᠥᠷᠥ ᠢᠢᠨ ᠲᠠᠬᠢᠯᠭ᠎ᠠ ᠲᠠᠢ ᠪᠣᠯᠭᠠᠬᠤ ᠲᠤᠬᠠᠢ ᠵᠠᠷᠯᠢᠭ ᠭᠠᠷᠭᠠᠯ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬᠠᠯᠲᠠᠮ᠎ᠠ ᠢᠢᠨ ᠪᠠᠲᠤᠲᠤᠯᠭ᠎ᠠ ᠰᠡᠯᠡᠩᠭᠡ ᠠᠢᠢᠮᠠᠭ ᠤᠨ ᠮᠠᠨᠳᠤᠯ᠂ ᠲᠥᠪ ᠠᠢᠢᠮᠠᠭ ᠤᠨ ᠪᠣᠷᠣᠨᠠᠭᠤᠷ᠂ ᠪᠠᠲᠤᠰᠦ᠋ᠮᠪᠦᠷ ᠰᠤᠮᠤ ᠢᠢᠨ ᠨᠤᠲᠤᠭ ᠳᠡᠪᠢᠰᠬᠡᠷ ᠲᠥ ᠪᠠᠢᠢᠷᠢᠯᠠᠬᠤ ᠨᠣᠶᠠᠨ ᠠᠭᠤᠯᠠ ᠢᠢ ᠲᠥᠷᠥ ᠢᠢᠨ ᠲᠠᠬᠢᠯᠭ᠎ᠠ ᠲᠠᠢ ᠪᠣᠯᠭᠠᠬᠤ ᠲᠤᠬᠠᠢ 81  ᠳᠦᠭᠡᠷ ᠵᠠᠷᠯᠢᠭ ᠢ ᠭᠠᠷᠭᠠᠯ᠎ᠠ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ 2021 ᠣᠨ ᠤ 81  ᠳᠦᠭᠡᠷ ᠵᠠᠷᠯᠢᠭ ᠲᠤ᠄
《ᠮᠣᠩ᠋ᠭᠣᠯᠴᠤᠳ ᠤᠨ ᠡᠪᠦᠭᠡ ᠾᠢᠦᠩᠨᠦ ᠳᠡᠭᠡᠳᠦᠰ ᠦᠨ ᠠᠯᠲᠠᠨ ᠱᠠᠷᠢᠯ᠂ ᠮᠥᠷ ᠤᠯᠪᠠᠭ᠎ᠠ ᠢᠢ ᠬᠡᠪᠡᠯᠢ ᠳᠥ ᠪᠡᠨ ᠬᠠᠳᠠᠭᠠᠯᠠᠭᠰᠠᠨ ᠥᠯᠥᠭᠡᠢ ᠳᠠᠭᠰᠢᠨ ᠨᠤᠲᠤᠭ᠂ ᠡᠬᠡ ᠲᠡᠦᠬᠡ ᠢᠢᠨ ᠭᠣᠯᠣᠮᠲᠠ ᠪᠣᠯᠤᠭᠰᠠᠨ ᠥᠨᠢ ᠡᠷᠲᠡᠨ ᠦ ᠲᠠᠬᠢᠯᠭᠠᠳᠤ ᠬᠠᠢᠢᠷᠬᠠᠨ ᠨᠣᠶᠠᠨ ᠠᠭᠤᠯᠠ ᠢᠢ ᠳᠡᠭᠡᠳᠦᠯᠡᠨ ᠰᠢᠲᠦᠬᠦ᠂ ᠲᠤᠯᠭᠤᠷ

thumbnail 21.06.09 Election
21.06.09 Election
ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠰᠠᠨᠠᠯ ᠢᠶᠠᠨ ᠥᠭᠭᠦᠯ᠎ᠡ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬᠠᠯᠲᠠᠮ᠎ᠠ ᠢᠢᠨ ᠪᠠᠲᠤᠲᠤᠯᠭ᠎ᠠ ᠥᠨᠥᠳᠥᠷ 16᠄00 ᠴᠠᠭ ᠲᠤ ᠪᠠᠶᠠᠨᠵᠢᠷᠦᠬᠡ ᠳᠡᠭᠦᠷᠭᠡ ᠢᠢᠨ 25-1-1  ᠳᠦᠭᠡᠷ ᠬᠡᠰᠡᠭ ᠦᠨ ᠬᠣᠷᠢᠶᠠᠨ ᠤ ᠰᠠᠨᠠᠯ ᠠᠪᠬᠤ ᠪᠠᠢᠢᠷᠢ ᠪᠤᠶᠤ ᠶᠡᠷᠦᠩᠬᠡᠢ ᠪᠣᠯᠪᠠᠰᠤᠷᠠᠯ ᠤᠨ 48 ᠳ᠋ᠤᠭᠠᠷ ᠰᠤᠷᠭᠠᠭᠤᠯᠢ ᠳᠤ ᠣᠴᠢᠵᠤ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ 2021 ᠣᠨ ᠤ ᠡᠭᠡᠯᠵᠢᠲᠦ ᠰᠣᠩ᠋ᠭᠣᠭᠤᠯᠢ ᠳᠤ ᠰᠠᠨᠠᠯ ᠢᠶᠠᠨ ᠥᠭ᠍ᠭᠦᠯ᠎ᠡ᠃

thumbnail 21.05.29-Chingis-khaan1
21.05.29-Chingis-khaan1
ᠮᠣᠩ᠋ᠭᠣᠯ ᠤᠯᠤᠰ ᠤᠨ ᠲᠥᠷᠥ ᠢᠢᠨ ᠳᠡᠭᠡᠳᠦ ᠱᠠᠩᠨᠠᠯ᠂ ᠲᠡᠷᠢᠭᠦᠨ ᠵᠡᠷᠭᠡ ᠢᠢᠨ 《ᠴᠢᠩᠭᠢᠰ ᠬᠠᠭᠠᠨ》 ᠣᠳᠣᠨ ᠢ ᠵᠡᠪᠰᠡᠭᠲᠦ ᠬᠦᠴᠦᠨ ᠦ ᠨᠡᠢᠢᠲᠡ ᠪᠡᠶ᠎ᠡ ᠪᠦᠷᠢᠯᠳᠦᠬᠦᠨ ᠳᠦ ᠬᠦᠷᠲᠡᠭᠡᠯ᠎ᠡ

ᠮᠣᠩ᠋ᠭᠣᠯ ᠤᠯᠤᠰ ᠲᠤ ᠣᠷᠴᠢᠨ ᠦᠶ᠎ᠡ ᠢᠢᠨ ᠵᠡᠪᠰᠡᠭᠲᠦ ᠬᠦᠴᠦᠨ ᠪᠠᠢᠢᠭᠤᠯᠤᠭᠳᠠᠰᠤᠨ ᠤ 100 ᠵᠢᠯ ᠦᠨ ᠣᠢ ᠢᠢ ᠲᠣᠬᠢᠶᠠᠯᠳᠤᠭᠤᠯᠤᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬᠠᠯᠲᠠᠮ᠎ᠠ ᠢᠢᠨ ᠪᠠᠲᠤᠲᠤᠯᠭ᠎ᠠ ᠵᠠᠷᠯᠢᠭ ᠭᠠᠷᠭᠠᠵᠤ᠂ ᠮᠣᠩ᠋ᠭᠣᠯ ᠤᠯᠤᠰ ᠤᠨ ᠲᠥᠷᠥ ᠢᠢᠨ ᠳᠡᠭᠡᠳᠦ ᠱᠠᠩᠨᠠᠯ᠂ ᠲᠡᠷᠢᠭᠦᠨ ᠵᠡᠷᠭᠡ ᠢᠢᠨ 《ᠴᠢᠩᠭᠢᠰ ᠬᠠᠭᠠᠨ》 ᠣᠳᠣᠨ ᠢ ᠵᠡᠪᠰᠡᠭᠲᠦ ᠬᠦᠴᠦᠨ ᠦ ᠨᠡᠢᠢᠲᠡ ᠪᠡᠶ᠎ᠡ ᠪᠦᠷᠢᠯᠳᠦᠬᠦᠨ ᠳᠥ ᠬᠦᠷᠲᠡᠭᠡᠯ᠎ᠡ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠵᠠᠷᠯᠢᠭ ᠤᠨ ᠳᠠᠭᠠᠭᠤ ᠮᠣᠩ᠋ᠭᠣᠯ
ᠤᠯᠤᠰ ᠤᠨ ᠲᠥᠷᠥ ᠢᠢᠨ ᠳᠡᠭᠡᠳᠦ ᠱᠠᠩᠨᠠᠯ᠂ ᠲᠡᠷᠢᠭᠦᠨ ᠵᠡᠷᠭᠡ ᠢᠢᠨ 《ᠴᠢᠩᠭᠢᠰ ᠬᠠᠭᠠᠨ》 ᠣᠳᠣᠨ ᠢ
ᠬᠦᠷᠲᠡᠭᠡᠬᠦ ᠶᠣᠰᠣᠯᠠᠯ ᠤᠨ ᠦᠢᠯᠡ ᠠᠵᠢᠯᠯᠠᠭ᠎ᠠ ᠥᠨᠥᠳᠥᠷ ᠲᠥᠪ ᠲᠠᠯᠠᠪᠠᠢ ᠳᠤ ᠪᠣᠯᠤᠭᠰᠠᠨ ᠡᠩᠬᠡ ᠢᠢ
ᠰᠠᠬᠢᠭᠤᠯᠤᠭᠴᠢᠳ ᠤᠨ ᠳᠡᠯᠡᠬᠡᠢ ᠢᠢᠨ ᠡᠳᠦᠷ ᠲᠦ ᠵᠣᠷᠢᠭᠤᠯᠤᠭᠰᠠᠨ ᠵᠢᠭᠰᠠᠭᠠᠯ ᠤᠨ ᠦᠶ᠎ᠡ
ᠪᠡᠷ

thumbnail 21.05.24-Tumur-zam1
21.05.24-Tumur-zam1
ᠲᠠᠪᠤᠨᠲᠣᠯᠣᠭᠠᠢ-ᠵᠡᠭᠦᠨᠪᠠᠶᠠᠨ ᠴᠢᠭᠯᠡᠯ ᠦᠨ 416.1 ᠺᠢᠯᠣᠮᠧᠲ᠋ᠷ ᠲᠡᠮᠦᠷ ᠵᠠᠮ ᠤᠨ ᠪᠦᠲᠦᠭᠡᠨ ᠪᠠᠢᠢᠭᠤᠯᠤᠯᠲᠠ ᠢᠢᠨ ᠠᠵᠢᠯ ᠳᠠᠭᠤᠰᠤᠯ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬᠠᠯᠲᠠᠮ᠎ᠠ ᠢᠢᠨ ᠪᠠᠲᠤᠲᠤᠯᠭ᠎ᠠ 2021 ᠣᠨ ᠤ ᠲᠠᠪᠤᠳᠤᠭᠠᠷ ᠰᠠᠷ᠎ᠠ ᠢᠢᠨ 22-23 ᠍ ᠤ ᠡᠳᠦᠷ ᠦᠳ ᠲᠥ ᠳᠣᠷᠣᠨᠠᠭᠣᠪᠢ᠂ ᠡᠮᠦᠨᠡᠭᠣᠪᠢ ᠠᠢᠢᠮᠠᠭ ᠤᠳ ᠲᠤ ᠠᠵᠢᠯᠯᠠᠵᠤ᠂ ᠲᠠᠪᠤᠨᠲᠣᠯᠣᠭᠠᠢ-ᠵᠡᠭᠦᠨᠪᠠᠶᠠᠨ ᠴᠢᠭᠯᠡᠯ ᠦᠨ 416.1 ᠺᠢᠯᠣᠮᠧᠲ᠋ᠷ᠂ ᠲᠠᠪᠤᠨᠲᠣᠯᠣᠭᠠᠢ-ᠭᠠᠰᠢᠭᠤᠨᠠᠰᠤᠬᠠᠢ ᠳᠤ ᠴᠢᠭᠯᠡᠯ ᠦᠨ 240 ᠺᠢᠯᠣᠮᠧᠲ᠋ᠷ ᠲᠡᠮᠦᠷ ᠵᠠᠮ ᠤᠨ ᠪᠦᠲᠦᠭᠡᠨ ᠪᠠᠢᠢᠭᠤᠯᠤᠯᠲᠠ ᠢᠢᠨ ᠠᠵᠢᠯ ᠲᠠᠢ ᠲᠠᠨᠢᠯᠴᠠᠯ᠎ᠠ᠃

ᠣᠳᠣ ᠠᠴᠠ ᠬᠣᠶᠠᠷ ᠵᠢᠯ ᠦᠨ ᠡᠮᠦᠨ᠎ᠡ ᠪᠤᠶᠤ 2019 ᠣᠨ ᠤ ᠲᠠᠪᠤᠳᠤᠭᠠᠷ ᠰᠠᠷ᠎ᠠ ᠢᠢᠨ 24 ᠍ ᠦ ᠡᠳᠦᠷ ᠨᠡᠭᠡᠭᠡᠯᠲᠡ ᠪᠡᠨ ᠬᠢᠭ᠍ᠰᠡᠨ ᠲᠠᠪᠤᠨᠲᠣᠯᠣᠭᠠᠢ-ᠵᠡᠭᠦᠨᠪᠠᠶᠠᠨ ᠴᠢᠭᠯᠡᠯ ᠦᠨ 416.1 ᠺᠢᠯᠣᠮᠧᠲ᠋ᠷ ᠬᠡᠪᠲᠡᠭᠡ ᠲᠡᠩᠬᠡᠯᠢᠭ᠌ ᠦᠨ ᠲᠡᠮᠦᠷ ᠵᠠᠮ ᠤᠨ ᠳᠡᠭᠡᠳᠦ᠂ ᠳᠣᠣᠷᠠᠳᠤ ᠪᠦᠲᠦᠴᠡ ᠢᠢᠨ ᠠᠵᠢᠯ ᠦᠨᠳᠦᠰᠦᠨ ᠳᠥ ᠪᠡᠨ ᠳᠠᠭᠤᠰᠴᠤ᠂ 2021 ᠣᠨ ᠤ ᠵᠢᠷᠭᠤᠳᠤᠭᠠᠷ

thumbnail 21.05.20-Suld
21.05.20-Suld
ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠪᠦᠬᠦ ᠴᠡᠷᠢᠭ ᠦᠨ ᠶᠡᠬᠡ ᠬᠠᠷ᠎ᠠ ᠰᠦᠯᠳᠡ ᠢᠢ ᠴᠢᠩᠭᠢᠭᠦᠯᠬᠦ ᠲᠠᠢᠢᠯᠭ᠎ᠠ ᠢᠢᠨ ᠶᠣᠰᠣᠯᠠᠯ ᠳᠤ ᠤᠷᠤᠯᠴᠠᠪᠠ

ᠪᠢᠯᠢᠭ᠌ ᠦᠨ ᠲᠣᠭᠠᠯᠠᠯ ᠤᠨ XVII ᠵᠢᠷᠠᠨ ᠤ 《ᠴᠥᠭᠡᠪᠦᠷᠢ》 ᠬᠡᠮᠡᠬᠦ ᠴᠠᠭᠠᠭᠴᠢᠨ ᠦᠬᠡᠷ ᠵᠢᠯ ᠦᠨ ᠵᠤᠨ ᠤ ᠲᠡᠷᠢᠭᠦᠨ ᠬᠠᠷᠠᠭᠴᠢᠨ ᠮᠣᠭᠠᠢ ᠰᠠᠷ᠎ᠠ ᠢᠢᠨ ᠰᠢᠨ᠎ᠡ ᠢᠢᠨ 08 ᠍ ᠤ ᠡᠨᠡ ᠡᠳᠦᠷ ᠦᠨ ᠮᠣᠷᠢᠨ ᠴᠠᠭ ᠲᠤ ᠪᠦᠬᠦ ᠴᠡᠷᠢᠭ ᠦᠨ ᠶᠡᠬᠡ ᠬᠠᠷ᠎ᠠ ᠰᠦᠯᠳᠡ ᠢᠢ ᠴᠢᠩᠭᠢᠭᠦᠯᠬᠦ ᠲᠠᠢᠢᠯᠭ᠎ᠠ ᠢᠢᠨ ᠶᠣᠰᠣᠯᠠᠯ ᠲᠥᠪ ᠠᠢᠢᠮᠠᠭ ᠤᠨ ᠡᠷᠳᠡᠨᠢ ᠰᠤᠮᠤ ᠢᠢᠨ ᠨᠤᠲᠤᠭ ᠲᠤ ᠪᠠᠢᠢᠷᠢᠯᠠᠬᠤ ᠠᠭᠤᠢᠳᠤ ᠠᠭᠤᠯᠠ ᠢᠢᠨ ᠣᠷᠭᠢᠯ ᠳᠤ ᠪᠣᠯᠤᠯ᠎ᠠ᠃

ᠪᠦᠬᠦ ᠴᠡᠷᠢᠭ ᠦᠨ ᠶᠡᠬᠡ ᠬᠠᠷ᠎ᠠ ᠰᠦᠯᠳᠡ ᠢᠢ ᠴᠢᠩᠭᠢᠭᠦᠯᠬᠦ ᠲᠠᠢᠢᠯᠭ᠎ᠠ ᠢᠢᠨ ᠶᠣᠰᠣᠯᠠᠯ ᠳᠤ ᠮᠣᠩ᠋ᠭᠣᠯ ᠤᠯᠤᠰ ᠤᠨ ᠶᠡᠷᠦᠩᠬᠡᠢᠢᠯᠡᠭᠴᠢ᠂ ᠵᠡᠪᠰᠡᠭᠲᠦ ᠬᠦᠴᠦᠨ ᠦ ᠶᠡᠷᠦᠩᠬᠡᠢ ᠺᠣᠮᠠᠨ᠋ᠳ᠋ᠯᠠᠭᠴᠢ ᠬᠠᠯᠲᠠᠮ᠎ᠠ ᠢᠢᠨ ᠪᠠᠲᠤᠲᠤᠯᠭ᠎ᠠ᠂ ᠮᠣᠩ᠋ᠭᠣᠯ ᠤᠯᠤᠰ ᠤᠨ ᠵᠠᠰᠠᠭ ᠤᠨ