ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠭᠡᠭᠡᠨ ᠰᠢᠷᠡᠭᠡᠲᠦ ᠤᠯᠤᠰ ᠤᠨ ᠲᠥᠷᠦ ᠢᠢᠨ ᠲᠡᠷᠢᠭᠦᠨ᠂ ᠫᠠᠫ XIV ᠯᠧᠣ᠋ ᠢᠢᠨ ᠤᠷᠢᠯᠭ᠎ᠠ ᠪᠠᠷ ᠒᠐᠒᠕ ᠣᠨ ᠤ ᠑᠒ ᠳ᠋ᠤᠭᠠᠷ ᠰᠠᠷ᠎ᠠ ᠢᠢᠨ ᠐᠔ ᠦ ᠡᠳᠦᠷ ᠲᠤᠰ ᠤᠯᠤᠰ ᠲᠤ ᠲᠥᠷᠦ ᠢᠢᠨ ᠠᠢᠢᠯᠴᠢᠯᠠᠯ ᠬᠢᠨ᠎ᠡ᠃
ᠲᠥᠷᠦ ᠢᠢᠨ ᠠᠢᠢᠯᠴᠢᠯᠠᠯ ᠨᠢ ᠮᠣᠩ᠋ᠭᠤᠯ ᠤᠯᠤᠰ ᠤᠨ ᠲᠥᠷᠦ ᠢᠢᠨ ᠲᠡᠷᠢᠭᠦᠨ ᠦ ᠲᠥᠪᠰᠢᠨ ᠳᠥ ᠲᠤᠰ ᠤᠯᠤᠰ ᠲᠤ ᠑᠔ ᠵᠢᠯ ᠦᠨ ᠳᠠᠷᠠᠭ᠎ᠠ ᠬᠢᠬᠦ ᠠᠢᠢᠯᠴᠢᠯᠠᠯ ᠶᠤᠮ᠃
ᠠᠢᠢᠯᠴᠢᠯᠠᠯ ᠤᠨ ᠦᠶ᠎ᠡ ᠪᠡᠷ ᠬᠣᠶᠠᠷ ᠤᠯᠤᠰ ᠤᠨ ᠲᠥᠷᠦ ᠢᠢᠨ ᠲᠡᠷᠢᠭᠦᠨ ᠠᠯᠪᠠᠨ ᠶᠣᠰᠤᠨ ᠤ ᠠᠭᠤᠯᠵᠠᠯᠲᠠ ᠬᠢᠨ᠎ᠡ᠃ ᠮᠥᠨ ᠶᠡᠷᠦᠩᠬᠡᠢᠢᠯᠡᠭᠴᠢ ᠤ·ᠬᠦᠷᠡᠯᠰᠦ᠋ᠬᠡ ᠳᠥ ᠭᠡᠭᠡᠨ ᠰᠢᠷᠡᠭᠡᠲᠦ ᠤᠯᠤᠰ ᠤᠨ ᠲᠥᠷᠦ ᠢᠢᠨ ᠬᠡᠷᠡᠭ ᠡᠷᠬᠢᠯᠡᠬᠦ ᠭᠠᠵᠠᠷ ᠤᠨ
ᠮᠣᠩ᠋ᠭᠤᠯ ᠤᠯᠤᠰ ᠤᠨ ᠶᠡᠷᠦᠩᠬᠡᠢᠢᠯᠡᠭᠴᠢ ᠤ·ᠬᠦᠷᠡᠯᠰᠦ᠋ᠬᠡ ᠪᠦᠭᠦᠳᠡ ᠨᠠᠢᠢᠷᠠᠮᠳᠠᠬᠤ ᠢᠲ᠋ᠠᠯᠢ ᠤᠯᠤᠰ ᠤᠨ ᠶᠡᠷᠦᠩᠬᠡᠢᠢᠯᠡᠭᠴᠢ ᠰᠧᠷᠵᠢᠣ᠋ ᠮᠠᠲ᠋ᠲ᠋ᠠᠷᠧᠯᠯᠠ ᠢᠢᠨ ᠤᠷᠢᠯᠭ᠎ᠠ ᠪᠠᠷ ᠒᠐᠒᠕ ᠣᠨ ᠤ ᠑᠒ ᠳ᠋ᠤᠭᠠᠷ ᠰᠠᠷ᠎ᠠ ᠢᠢᠨ ᠐᠑-᠐᠓ ᠤ ᠡᠳᠦᠷ ᠦᠳ ᠲᠥ ᠲᠤᠰ ᠤᠯᠤᠰ ᠲᠤ ᠲᠥᠷᠦ ᠢᠢᠨ ᠠᠢᠢᠯᠴᠢᠯᠠᠯ ᠬᠢᠨ᠎ᠡ᠃
ᠡᠨᠡ ᠠᠢᠢᠯᠴᠢᠯᠠᠯ ᠮᠣᠩ᠋ᠭᠤᠯ ᠤᠯᠤᠰ᠂ ᠪᠦᠭᠦᠳᠡ ᠨᠠᠢᠢᠷᠠᠮᠳᠠᠬᠤ ᠢᠲ᠋ᠠᠯᠢ ᠤᠯᠤᠰ ᠬᠣᠭᠤᠷᠤᠨᠳᠤ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠤ ᠕᠕ ᠵᠢᠯ ᠦᠨ ᠣᠢ ᠢᠢᠨ ᠬᠦᠷᠢᠶᠡᠨ ᠳᠥ ᠲᠥᠷᠦ ᠢᠢᠨ ᠲᠡᠷᠢᠭᠦᠨ ᠦ ᠲᠥᠪᠰᠢᠨ ᠳᠥ ᠑᠔ ᠵᠢᠯ ᠦᠨ ᠳᠠᠷᠠᠭ᠎ᠠ ᠪᠣᠯᠬᠤ ᠶᠤᠮ᠃
ᠠᠢᠢᠯᠴᠢᠯᠠᠯ ᠤᠨ ᠦᠶ᠎ᠡ ᠪᠡᠷ ᠬᠣᠶᠠᠷ ᠤᠯᠤᠰ ᠤᠨ ᠶᠡᠷᠦᠩᠬᠡᠢᠢᠯᠡᠭᠴᠢ ᠭᠠᠭᠴᠠᠭᠠᠷᠴᠢᠯᠠᠭᠰᠠᠨ ᠠᠭᠤᠯᠵᠠᠯᠲᠠ ᠪᠣᠯᠤᠨ ᠠᠯᠪᠠᠨ ᠶᠣᠰᠤᠨ ᠤ ᠬᠡᠯᠡᠯᠴᠡᠭᠡ ᠬᠢᠨ᠎ᠡ᠃ ᠶᠡᠷᠦᠩᠬᠡᠢᠢᠯᠡᠭᠴᠢ ᠤ·ᠬᠦᠷᠡᠯᠰᠦ᠋ᠬᠡ ᠳᠥ
ᠠᠩᠬᠠᠳᠤᠭᠠᠷ ᠦᠨᠳᠦᠰᠦᠨ ᠬᠠᠤᠯᠢ ᠪᠠᠨ ᠪᠠᠲᠤᠯᠠᠵᠤ᠂ ᠪᠦᠭᠦᠳᠡ ᠨᠠᠢᠢᠷᠠᠮᠳᠠᠬᠤ ᠤᠯᠤᠰ ᠢᠶᠠᠨ ᠲᠤᠩᠬᠠᠭᠯᠠᠭᠰᠠᠨ ᠤ ᠲᠡᠦᠬᠡᠲᠦ ᠑᠐᠑ ᠵᠢᠯ ᠦᠨ ᠣᠢ ᠢᠢ ᠲᠣᠬᠢᠶᠠᠯᠳᠤᠭᠤᠯᠤᠨ ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠨᠡᠷ᠎ᠡ ᠪᠦᠬᠦᠢ ᠡᠷᠬᠢᠮ ᠦᠳ ᠲᠥ ᠲᠥᠷᠦ ᠢᠢᠨ ᠳᠡᠭᠡᠳᠦ ᠴᠣᠯᠠ᠂ ᠣᠳᠣᠨ᠂ ᠮᠧᠳᠠᠯᠢ ᠬᠦᠷᠲᠡᠭᠡᠯ᠎ᠡ᠃
ᠬᠥᠳᠡᠯᠮᠦᠷᠢ ᠢᠢᠨ ᠪᠠᠭᠠᠲᠤᠷ ᠴᠣᠯᠠ ᠢᠢ:
• ᠰᠢᠨᠵᠢᠯᠡᠬᠦ ᠤᠬᠠᠭᠠᠨ᠂ ᠪᠣᠯᠪᠠᠰᠤᠷᠠᠯ ᠤᠨ ᠰᠠᠯᠪᠤᠷᠢ ᠳᠤ ᠦᠷ᠎ᠡ ᠪᠦᠲᠦᠭᠡᠯ ᠲᠡᠢ ᠠᠵᠢᠯᠯᠠᠵᠤ᠂ ᠣᠯᠠᠨ ᠠᠷᠪᠠᠨ ᠨᠢᠭᠡ ᠰᠡᠳᠦᠪᠲᠦ ᠡᠷᠳᠡᠮ ᠰᠢᠨᠵᠢᠯᠡᠭᠡᠨ ᠦ ᠪᠦᠲᠦᠭᠡᠯ᠂ ᠣᠯᠠᠨ ᠵᠠᠭᠤᠨ ᠥᠭᠦᠯᠡᠯ᠂ ᠵᠢᠭᠠᠪᠤᠷᠢ᠂ ᠵᠥᠪᠯᠡᠮᠵᠢ᠂ ᠭᠠᠷ ᠤᠨ ᠠᠪᠤᠯᠭ᠎ᠠ ᠪᠣᠯᠪᠠᠰᠤᠷᠠᠭᠤᠯᠵᠤ᠂ ᠪᠢᠣᠯᠣᠭᠢ ᠢᠢᠨ ᠰᠠᠯᠪᠤᠷᠢ ᠢᠢᠨ ᠮᠡᠷᠭᠡᠵᠢᠯ ᠲᠡᠢ ᠬᠦᠮᠦᠨ ᠦ ᠨᠥᠭᠡᠴᠡ ᠪᠡᠯᠡᠳᠬᠡᠬᠦ᠂ ᠮᠣᠩ᠋ᠭᠤᠯ ᠣᠷᠤᠨ ᠤ ᠵᠢᠭᠠᠰᠤᠨ ᠤ
ᠠᠩᠬᠠᠳᠤᠭᠠᠷ ᠦᠨᠳᠦᠰᠦᠨ ᠬᠠᠤᠯᠢ ᠪᠠᠨ ᠪᠠᠲᠤᠯᠠᠵᠤ᠂ ᠪᠦᠭᠦᠳᠡ ᠨᠠᠢᠢᠷᠠᠮᠳᠠᠬᠤ ᠤᠯᠤᠰ ᠢᠶᠠᠨ ᠲᠤᠩᠬᠠᠭᠯᠠᠭᠰᠠᠨ ᠤ ᠲᠡᠦᠬᠡᠲᠦ ᠑᠐᠑ ᠵᠢᠯ ᠦᠨ ᠣᠢ ᠢᠢ ᠲᠣᠬᠢᠶᠠᠯᠳᠤᠭᠤᠯᠤᠨ ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠵᠠᠷᠯᠢᠭ ᠭᠠᠷᠭᠠᠨ ᠨᠡᠷ᠎ᠡ ᠪᠦᠬᠦᠢ ᠡᠷᠬᠢᠮ ᠦᠳ ᠲᠥ ᠲᠥᠷᠦ ᠢᠢᠨ ᠳᠡᠭᠡᠳᠦ ᠴᠣᠯᠠ᠂ ᠣᠳᠣᠨ᠂ ᠮᠧᠳᠠᠯᠢ ᠬᠦᠷᠲᠡᠭᠡᠯ᠎ᠡ᠃
ᠬᠥᠳᠡᠯᠮᠦᠷᠢ ᠢᠢᠨ ᠪᠠᠭᠠᠲᠤᠷ ᠴᠣᠯᠠ ᠢᠢ:
ᠮᠣᠩ᠋ᠭᠤᠯ ᠦᠨᠳᠦᠰᠦᠲᠡᠨ ᠦ ᠰᠣᠶᠤᠯ᠂ ᠰᠡᠳᠬᠢᠯᠭᠡᠨ ᠦ ᠦᠨᠳᠦᠰᠦ ᠪᠣᠯᠤᠭᠰᠠᠨ ᠮᠣᠩ᠋ᠭᠤᠯ ᠳᠣᠮᠤᠭ ᠵᠦᠢ᠂ ᠪᠡᠯᠭᠡᠳᠡᠯ ᠵᠦᠢ ᠢᠢᠨ ᠴᠤᠪᠤᠷᠠᠯ ᠰᠤᠳᠤᠯᠭ᠎ᠠ ᠪᠠᠷ ᠢᠶᠠᠨ ᠮᠣᠩ᠋ᠭᠤᠯ ᠰᠣᠶᠤᠯ ᠢ ᠲᠠᠢᠢᠯᠤᠨ ᠲᠠᠢᠢᠯᠪᠤᠷᠢᠯᠠᠬᠤ ᠣᠨᠤᠯ ᠠᠷᠭ᠎ᠠ ᠵᠦᠢ᠂ ᠦᠵᠡᠯ ᠪᠠᠷᠢᠮᠲᠠᠯᠠᠯ ᠪᠣᠯᠪᠠᠰᠤᠷᠠᠭᠤᠯᠵᠤ᠂ ᠰᠠᠭᠤᠷᠢ ᠰᠤᠳᠤᠯᠭᠠᠨ ᠤ ᠣᠯᠠᠨ ᠠᠷᠪᠠᠨ ᠪᠦᠲᠦᠭᠡᠯ ᠲᠤᠭᠤᠷᠪᠢᠨ᠂ ᠲᠥᠷᠦ ᠢᠢᠨ
ᠡᠵᠡᠨ ᠪᠣᠭᠳᠠ ᠴᠢᠩᠬᠢᠰ ᠬᠠᠭᠠᠨ ᠤ ᠮᠡᠨᠳᠦᠯᠡᠭᠰᠡᠨ ᠦ ᠘᠖᠓ ᠵᠢᠯ ᠦᠨ ᠣᠢ᠂ «ᠮᠣᠩ᠋ᠭᠤᠯ ᠪᠠᠬᠠᠷᠬᠠᠯ ᠤᠨ ᠡᠳᠦᠷ» ᠊ᠢ ᠲᠣᠬᠢᠶᠠᠯᠳᠤᠭᠤᠯᠤᠨ ᠡᠪᠦᠯ ᠦᠨ ᠲᠡᠷᠢᠭᠦᠨ ᠰᠠᠷ᠎ᠠ ᠢᠢᠨ ᠰᠢᠨ᠎ᠡ ᠢᠢᠨ ᠭᠤᠷᠪᠠᠨ ᠤ ᠡᠳᠦᠷ ᠪᠣᠭᠳᠠ ᠬᠠᠭᠠᠨ ᠤ ᠣᠷᠳᠤᠨ ᠮᠦᠽᠧᠶ ᠳᠥ «ᠬᠠᠭᠠᠨ ᠴᠢᠩ᠋ᠭᠢᠯ ᠪᠠᠭᠠᠲᠤᠷ» ᠪᠠᠭᠠᠲᠤᠷᠯᠢᠭ ᠲᠤᠤᠯᠢ ᠬᠠᠢᠢᠯᠠᠯ᠎ᠠ᠃
ᠶᠡᠷᠦᠩᠬᠡᠢᠢᠯᠡᠭᠴᠢ ᠢᠢᠨ ᠰᠣᠶᠤᠯ᠂ ᠱᠠᠰᠢᠨ ᠤ ᠪᠣᠳᠤᠯᠭ᠎ᠠ ᠢᠢᠨ ᠵᠥᠪᠯᠡᠬᠦ ᠪ᠊·ᠰᠡᠷᠭᠦᠯᠡᠩ ᠶᠣᠰᠤᠯᠠᠯ ᠢ ᠨᠡᠭᠡᠭᠡᠵᠦ ᠬᠡᠯᠡᠬᠦ ᠳᠥ ᠪᠡᠨ᠂ ᠪᠠᠭᠠᠲᠤᠷᠯᠢᠭ ᠲᠤᠤᠯᠢᠰ ᠤᠨ ᠠᠭᠤᠯᠭ᠎ᠠ᠂ ᠠᠴᠢ ᠬᠣᠯᠪᠤᠭᠳᠠᠯ ᠢ ᠲᠠᠨᠢᠵᠤ ᠣᠢᠢᠯᠠᠭᠠᠬᠤ᠂ ᠲᠦᠭᠡᠭᠡᠨ ᠳᠡᠯᠭᠡᠷᠡᠭᠦᠯᠬᠦ᠂ ᠥᠪ ᠰᠣᠶᠤᠯ ᠢᠶᠠᠨ ᠬᠦᠨᠳᠦᠳᠬᠡᠨ ᠳᠡᠭᠡᠳᠦᠯᠡᠬᠦ᠂ ᠤᠯᠠᠮᠵᠢᠯᠠᠭᠤᠯᠬᠤ᠂ ᠬᠠᠳᠠᠭᠠᠯᠠᠬᠤ ᠢᠢᠨ ᠴᠢᠬᠤᠯᠠ ᠢᠢ ᠣᠨᠴᠠᠯᠠᠵᠤ᠂ ᠡᠭᠦᠨ ᠳᠥ ᠢᠳᠡᠪᠬᠢ ᠰᠠᠨᠠᠭᠠᠴᠢᠯᠠᠭ᠎ᠠ ᠲᠠᠢ ᠣᠷᠤᠯᠴᠠᠵᠤ ᠪᠠᠢᠢᠭ᠎ᠠ ᠪᠠᠢᠢᠭᠤᠯᠤᠯᠭ᠎ᠠ᠂ ᠡᠷᠳᠡᠮᠲᠡᠨ
ᠡᠵᠡᠨ ᠪᠣᠭᠳᠠ ᠴᠢᠩᠬᠢᠰ ᠬᠠᠭᠠᠨ ᠤ ᠮᠡᠨᠳᠦᠯᠡᠭᠰᠡᠨ ᠡᠳᠦᠷ᠂ «ᠮᠣᠩ᠋ᠭᠤᠯ ᠪᠠᠬᠠᠷᠬᠠᠯ ᠤᠨ ᠡᠳᠦᠷ» ᠊ᠢ ᠲᠣᠬᠢᠶᠠᠯᠳᠤᠭᠤᠯᠤᠨ ᠶᠡᠷᠦᠩᠬᠡᠢᠢᠯᠡᠭᠴᠢ ᠢᠢᠨ ᠢᠪᠡᠭᠡᠯ ᠳᠣᠣᠷ᠎ᠠ ᠵᠣᠬᠢᠶᠠᠨ ᠪᠠᠢᠢᠭᠤᠯᠳᠠᠭ «ᠮᠥᠩᠬᠡ ᠲᠩᠷᠢ ᠢᠢᠨ ᠪᠢᠴᠢᠭ᠌-᠒᠐᠒᠕» ᠮᠣᠩ᠋ᠭᠤᠯ ᠤᠷᠠᠨ ᠪᠢᠴᠢᠯᠭᠡ ᠢᠢᠨ ᠣᠯᠠᠨ ᠤᠯᠤᠰ ᠤᠨ ᠦᠵᠡᠰᠬᠦᠯᠡᠩ ᠦᠨ ᠨᠡᠭᠡᠭᠡᠯᠲᠡ ᠮᠣᠩ᠋ᠭᠤᠯ ᠤᠨ ᠬᠡᠦᠬᠡᠳ ᠦᠨ ᠣᠷᠳᠤᠨ ᠳᠤ ᠪᠣᠯᠤᠯ᠎ᠠ᠃
᠑᠒ ᠳ᠋ᠤᠭᠠᠷ ᠰᠠᠷ᠎ᠠ ᠢᠢᠨ ᠐᠕ ᠤ ᠡᠳᠦᠷ ᠬᠦᠷᠲᠡᠯ᠎ᠡ ᠣᠯᠠᠨ ᠤ ᠬᠦᠷᠲᠡᠭᠡᠯ ᠪᠣᠯᠬᠤ ᠡᠨᠡ ᠦᠵᠡᠰᠬᠦᠯᠡᠩ ᠮᠣᠩ᠋ᠭᠤᠯ ᠬᠦᠮᠦᠨ ᠦ ᠣᠶᠤᠨ ᠤ ᠳᠠᠷᠬᠠᠯᠠᠭ᠎ᠠ᠂ ᠮᠣᠩ᠋ᠭᠤᠯ ᠦᠨᠳᠦᠰᠦᠨ ᠦ ᠰᠣᠶᠤᠯ ᠤᠨ ᠥᠪ ᠤᠯᠠᠮᠵᠢᠯᠠᠯ ᠢ ᠬᠣᠢᠢᠴᠢ ᠦᠶ᠎ᠡ ᠪᠣᠯᠤᠨ ᠣᠯᠠᠨ ᠤᠯᠤᠰ ᠲᠤ ᠲᠠᠨᠢᠭᠤᠯᠤᠨ ᠰᠤᠷᠲᠠᠯᠴᠢᠯᠠᠬᠤ᠂ ᠲᠦᠭᠡᠭᠡᠨ ᠳᠡᠯᠭᠡᠷᠡᠭᠦᠯᠬᠦ ᠵᠡᠷᠭᠡ ᠵᠣᠷᠢᠯᠭ᠎ᠠ ᠲᠠᠢ ᠶᠤᠮ᠃
ᠡᠨᠡ
ᠮᠣᠩᠭᠤᠯ ᠤᠯᠤᠰ ᠤᠨ ᠶᠡᠷᠦᠩᠬᠡᠶᠢᠯᠡᠭᠴᠢ᠂ ᠵᠡᠪᠰᠡᠭᠲᠦ ᠬᠦᠴᠦᠨ ᠦ ᠶᠡᠷᠦᠩᠬᠡᠢ ᠺᠣᠮᠠᠨ᠋ᠳ᠋ᠯᠠᠭᠴᠢ ᠬᠠ᠂ᠪᠠᠲᠤᠲᠤᠯᠭ᠎ᠠ ᠳᠤ ᠬᠦᠨᠳᠦᠳᠬᠡᠯ ᠦᠵᠡᠭᠦᠯᠬᠦ ᠴᠡᠷᠢᠭ ᠦᠨ ᠶᠣᠰᠣᠯᠠᠯ ᠤᠨ ᠵᠢᠭ᠌ᠰᠠᠭᠠᠯ ᠪᠣᠯᠤᠯ᠎ᠠ
ᠮᠣᠩᠭ᠋ᠤᠯ ᠤᠯᠤᠰ ᠤᠨ ᠶᠡᠷᠦᠩᠬᠡᠶᠢᠯᠡᠭᠴᠢ᠂ ᠵᠡᠪᠰᠡᠭᠲᠦ ᠬᠦᠴᠦᠨ ᠦ ᠶᠡᠷᠦᠩᠬᠡᠢ ᠺᠣᠮᠠᠨ᠋ᠳ᠋ᠯᠠᠭᠴᠢ ᠬᠠ᠂ᠪᠠᠲᠤᠲᠤᠯᠭ᠎ᠠ ᠳᠤ ᠲᠥᠷᠥ ᠶᠢᠨ ᠴᠡᠷᠢᠭ ᠦᠨ ᠪᠠᠢᠢᠭᠤᠯᠤᠯᠭ᠎ᠠ ᠢᠢᠨ ᠤᠯᠠᠭᠠᠨᠪᠠᠭᠠᠲᠤᠷ ᠴᠡᠷᠢᠭ ᠦᠨ ᠬᠦᠷᠢᠶᠡᠨ ᠦ ᠪᠡᠶ᠎ᠡ ᠪᠦᠷᠢᠯᠳᠦᠬᠦᠨ ᠬᠦᠨᠳᠦᠳᠬᠡᠯ ᠦᠵᠡᠭᠦᠯᠬᠦ ᠴᠡᠷᠢᠭ ᠦᠨ ᠶᠣᠰᠣᠯᠠᠯ ᠤᠨ ᠵᠢᠭ᠌ᠰᠠᠭᠠᠯ ᠥᠨᠥᠳᠥᠷ ᠳᠠ᠂ᠰᠦᠬᠡᠪᠠᠭᠠᠲᠤᠷ ᠤᠨ ᠲᠠᠯᠠᠪᠠᠢ ᠳᠤ ᠪᠣᠯᠤᠯ᠎ᠠ᠃ ᠴᠡᠷᠢᠭ ᠦᠨ ᠶᠣᠰᠣᠯᠠᠯ ᠤᠨ ᠵᠢᠭ᠌ᠰᠠᠭᠠᠯ ᠢ ᠵᠡᠪᠰᠡᠭᠲᠦ ᠬᠦᠴᠦᠨ ᠦ ᠵᠠᠩᠵᠤᠨ ᠱᠲ᠋ᠠᠪ ᠤᠨ ᠣᠷᠣᠯᠠᠭᠴᠢ ᠳᠠᠷᠤᠭ᠎ᠠ ᠬᠣᠰᠢᠭᠤᠴᠢ ᠭᠧᠨᠧᠷᠠᠯ ᠵ᠂ᠪᠠᠳᠮᠠᠪᠠᠽᠠᠷ ᠺᠣᠮᠠᠨ᠋ᠳ᠋ᠯᠠᠵᠤ᠂ ᠮᠣᠩᠭ᠋ᠤᠯ ᠤᠯᠤᠰ ᠤᠨ ᠶᠡᠷᠦᠩᠬᠡᠢᠢᠯᠡᠭᠴᠢ᠂ ᠵᠡᠪᠰᠡᠭᠲᠦ ᠬᠦᠴᠦᠨ ᠦ ᠶᠡᠷᠦᠩᠬᠡᠢ ᠺᠣᠮᠠᠨ᠋ᠳ᠋ᠯᠠᠭᠴᠢ ᠬᠠ᠂ᠪᠠᠲᠤᠲᠤᠯᠭ᠎ᠠ ᠳᠤ ᠷᠠᠫᠣᠷᠲ ᠥᠭ᠍ᠪᠡ᠃
ᠮᠣᠩᠭ᠋ᠤᠯ ᠤᠯᠤᠰ ᠤᠨ ᠶᠡᠷᠦᠩᠬᠡᠢᠢᠯᠡᠭᠴᠢ᠂ ᠵᠡᠪᠰᠡᠭᠲᠦ ᠬᠦᠴᠦᠨ ᠦ ᠶᠡᠷᠦᠩᠬᠡᠢ ᠺᠣᠮᠠᠨ᠋ᠳᠠᠯᠠᠭᠴᠢ ᠬᠠ᠂ᠪᠠᠲᠤᠲᠤᠯᠭ᠎ᠠ ᠴᠡᠷᠢᠭ ᠦᠨ ᠪᠡᠶ᠎ᠡ ᠪᠦᠷᠢᠯᠳᠦᠬᠦᠨ ᠲᠡᠢ ᠮᠡᠨᠳᠦᠴᠢᠯᠡᠵᠦ᠂ ᠦᠭᠡ
ᠮᠣᠩᠭᠤᠯ ᠤᠯᠤᠰ ᠤᠨ ᠶᠡᠷᠦᠩᠬᠡᠢᠢᠯᠡᠭᠴᠢ ᠬᠠ᠂ᠪᠠᠲᠤᠲᠤᠯᠭ᠎ᠠ ᠲᠦᠢᠮᠡᠷ ᠦᠨ ᠭᠣᠯᠣᠮᠲᠠ ᠠᠴᠠ ᠠᠵᠢᠯ ᠢᠢᠠᠨ ᠡᠬᠢᠯᠡᠯ᠎ᠡ
ᠮᠣᠩᠭ᠋ᠤᠯ ᠤᠯᠤᠰ ᠤᠨ ᠶᠡᠷᠦᠩᠬᠡᠢᠢᠯᠡᠭᠴᠢ ᠬᠠ᠂ᠪᠠᠲᠤᠲᠤᠯᠭ᠎ᠠ ᠣᠢ ᠬᠡᠭᠡᠷ᠎ᠡ ᠢᠢᠨ ᠲᠦᠢᠮᠡᠷ ᠭᠠᠵᠠᠷ ᠠᠪᠤᠭᠰᠠᠨ ᠳᠤ ᠠᠩᠬᠠᠷᠤᠯ ᠢᠶᠠᠨ ᠬᠠᠨᠳᠤᠭᠤᠯᠵᠤ᠂ ᠥᠴᠥᠭᠡᠳᠦᠷ ᠶᠡᠷᠦᠩᠬᠡᠢ ᠰᠠᠢᠢᠳ ᠲᠠᠢ ᠤᠲᠠᠰᠤ ᠪᠠᠷ ᠬᠣᠯᠪᠣᠭᠳᠠᠵᠤ ᠡᠭᠦᠷᠭᠡ ᠴᠢᠭᠯᠡᠯ ᠥᠭ᠍ᠭᠦᠭᠰᠡᠨ ᠪᠣᠯ ᠥᠨᠥᠳᠥᠷ ᠥᠪᠡᠷ ᠦᠨ ᠪᠡᠶ᠎ᠡ ᠪᠡᠷ ᠲᠥᠪ ᠠᠢᠢᠮᠠᠭ ᠤᠨ ᠪᠠᠲᠤᠰᠦ᠋ᠮᠪᠦᠷ ᠰᠤᠮᠤ ᠢᠢᠨ ᠣᠢ ᠢᠢᠨ ᠲᠦᠢᠮᠡᠷ ᠲᠡᠢ ᠪᠥᠰᠡ ᠨᠤᠲᠤᠭ ᠲᠤ ᠠᠵᠢᠯᠯᠠᠯ᠎ᠠ᠃ ᠥᠨᠥᠳᠥᠷ ᠶᠡᠷᠦᠩᠬᠡᠢᠢᠯᠡᠭᠴᠢ ᠬᠠ᠂ᠪᠠᠲᠤᠲᠤᠯᠭ᠎ᠠ ᠢᠢᠨ ᠬᠤᠪᠢ ᠳᠤ ᠲᠠᠩᠭ᠋ᠠᠷᠢᠭ ᠡᠷᠭᠦᠭ᠍ᠰᠡᠨ ᠦ ᠳᠠᠷᠠᠭ᠎ᠠ ᠢᠢᠨ ᠠᠩᠬᠠᠨ ᠤ ᠠᠵᠢᠯ ᠤᠨ ᠡᠳᠦᠷ ᠶᠤᠮ᠃ ᠲᠡᠭᠦᠨ ᠦ ᠠᠵᠢᠯ ᠡᠶᠢᠨ ᠬᠦ ᠲᠥᠷᠥ ᠢᠢᠨ ᠣᠷᠳᠣᠨ ᠠᠴᠠ ᠪᠢᠰᠢ ᠲᠦᠢᠮᠡᠷ ᠲᠡᠢ ᠪᠥᠰᠡ ᠨᠤᠲᠤᠭ ᠠᠴᠠ ᠡᠬᠢᠯᠡᠵᠦ ᠪᠠᠢᠢᠨ᠎ᠠ᠃
ᠮᠣᠩᠭ᠋ᠤᠯ ᠤᠯᠤᠰ ᠤᠨ ᠬᠡᠮᠵᠢᠶᠡᠨ ᠳᠥ ᠥᠨᠥᠳᠥᠷ ᠦᠨ ᠪᠠᠢᠢᠳᠠᠯ ᠢᠶᠠᠷ 22
ᠮᠣᠩᠭᠤᠯ ᠤᠯᠤᠰ ᠤᠨ ᠶᠡᠷᠦᠩᠬᠡᠢᠢᠯᠡᠭᠴᠢ ᠬᠠᠯᠲᠠᠮ᠎ᠠ ᠶᠢᠨ ᠪᠠᠲᠤᠲᠤᠯᠭ᠎ᠠ ᠢᠢᠨ ᠦᠨᠳᠦᠰᠦᠨ ᠦ ᠶᠡᠬᠡ ᠪᠠᠶᠠᠷ ᠨᠠᠭᠠᠳᠤᠮ ᠢ ᠨᠡᠭᠡᠭᠡᠵᠦ ᠬᠡᠯᠡᠭᠰᠡᠨ ᠦᠭᠡ
ᠡᠷᠬᠢᠮ ᠬᠦᠨᠳᠦᠲᠦ ᠠᠷᠠᠳ ᠢᠷᠭᠡᠳ ᠡ᠂
ᠡᠷᠬᠢᠮ ᠵᠣᠴᠢᠳ ᠭᠡᠶᠢᠴᠢᠳ ᠡ᠂
ᠡᠷᠬᠢᠮ ᠬᠦᠨᠳᠦᠲᠦ ᠨᠠᠭᠠᠳᠤᠮᠴᠢᠳ ᠠ᠋᠂
ᠲᠤᠭᠤᠷᠭ᠎ᠠ ᠲᠤᠰᠠᠭᠠᠷ ᠮᠣᠩᠭ᠋ᠤᠯ ᠤᠯᠤᠰ ᠤᠨ ᠨᠡᠢᠢᠰᠯᠡᠯ ᠤᠯᠠᠭᠠᠨᠪᠠᠭᠠᠲᠤᠷ ᠬᠣᠲᠠ ᠠᠴᠠ ᠲᠥᠷᠥᠷᠦ ᠶᠣᠰᠣᠨ ᠤ ᠶᠡᠬᠡ ᠪᠠᠶᠠᠷ ᠮᠣᠩᠭ᠋ᠤᠯ ᠨᠠᠭᠠᠳᠤᠮ ᠤᠨ ᠡᠨᠡ ᠭᠡᠭᠡᠨ ᠰᠠᠢᠢᠬᠠᠨ ᠡᠳᠦᠷ ᠦᠨ ᠬᠠᠯᠠᠭᠤᠨ ᠮᠡᠨᠳᠦ ᠢᠢ ᠨᠠᠭᠠᠳᠤᠮᠴᠢᠨ ᠣᠯᠠᠨ ᠲᠠ ᠪᠦᠬᠦᠨ ᠳᠥ ᠪᠡᠨ ᠳᠡᠪᠰᠢᠭᠦᠯᠵᠦ᠂ ᠠᠮᠤᠷ ᠢ ᠠᠢᠢᠯᠠᠳᠬᠠᠨ ᠮᠡᠨᠳᠦᠴᠢᠯᠡᠶ᠎ᠡ᠃
ᠮᠣᠩᠭ᠋ᠤᠯ ᠤᠨ ᠲᠤᠯᠭᠤᠷ ᠲᠥᠷᠥ ᠢᠢᠨ 2226 ᠵᠢᠯ᠂ ᠶᠡᠬᠡ ᠮᠣᠩᠭ᠋ᠤᠯ ᠤᠯᠤᠰ ᠤᠨ 811 ᠵᠢᠯ᠂ ᠦᠨᠳᠦᠰᠦᠨ ᠦ ᠡᠷᠬᠡ ᠴᠢᠯᠦᠭᠡ᠂ ᠲᠤᠰᠠᠭᠠᠷ ᠲᠣᠭᠲᠠᠨᠢᠯ ᠢᠶᠠᠨ ᠰᠡᠷᠭᠦᠭᠡᠨ ᠮᠠᠨᠳᠤᠭᠤᠯᠤᠭᠰᠠᠨ ᠤ 106 ᠵᠢᠯ᠂ ᠠᠷᠠᠳ ᠤᠨ ᠬᠤᠪᠢᠰᠬᠠᠯ ᠤᠨ 96 ᠵᠢᠯ᠂ ᠠᠷᠠᠳᠴᠢᠯᠠᠭᠰᠠᠨ
ᠶᠡᠷᠦᠩᠬᠡᠢᠢᠯᠡᠭᠴᠢ ᠬ᠂ᠪᠠᠲᠤᠲᠤᠯᠭ᠎ᠠ ᠠᠩᠬᠠᠨ ᠤ ᠵᠠᠷᠯᠢᠭ ᠢᠶᠠᠷ ᠢᠶᠠᠨ ᠵᠠ᠂ᠡᠩᠬᠡᠪᠣᠯᠤᠳ ᠢ ᠶᠡᠷᠦᠩᠬᠡᠢᠢᠯᠡᠭᠴᠢ ᠶᠢᠨ ᠲᠠᠮᠠᠭ᠎ᠠ ᠶᠢᠨ ᠭᠠᠵᠠᠷ ᠤᠨ ᠳᠠᠷᠤᠭ᠎ᠠ ᠪᠠᠷ ᠲᠤᠮᠢᠯᠠᠪᠠ
ᠮᠣᠩᠭ᠋ᠤᠯ ᠤᠯᠤᠰ ᠤᠨ ᠶᠡᠷᠦᠩᠬᠡᠢᠢᠯᠡᠭᠴᠢ ᠬᠠᠯᠲᠠᠮ᠎ᠠ ᠶᠢᠨ ᠪᠠᠲᠤᠲᠤᠯᠭ᠎ᠠ ᠮᠣᠩᠭ᠋ᠤᠯ ᠤᠯᠤᠰ ᠤᠨ ᠶᠡᠷᠦᠩᠬᠡᠢᠢᠯᠡᠭᠴᠢ ᠶᠢᠨ ᠲᠠᠩᠭ᠋ᠠᠷᠢᠭ ᠢᠶᠠᠨ ᠡᠷᠭᠦᠭ᠍ᠰᠡᠨ ᠳᠠᠷᠤᠢ ᠳᠤ ᠪᠠᠨ ᠤᠯᠤᠰ ᠤᠨ ᠶᠡᠬᠡ ᠬᠤᠷᠠᠯ ᠤᠨ ᠳᠠᠷᠤᠭ᠎ᠠ ᠠᠰᠠᠨ ᠵᠠᠩᠳᠠᠬᠦᠢᠦ ᠶᠢᠨ ᠡᠩᠬᠡᠪᠣᠯᠤᠳ ᠢ ᠶᠡᠷᠦᠩᠬᠡᠢᠢᠯᠡᠭᠴᠢ ᠶᠢᠨ ᠲᠠᠮᠠᠭ᠎ᠠ ᠶᠢᠨ ᠭᠠᠵᠠᠷ ᠤᠨ ᠳᠠᠷᠤᠭ᠎ᠠ ᠪᠠᠷ ᠲᠣᠮᠢᠯᠠᠯ᠎ᠠ᠃ ᠡᠨᠡ ᠨᠢ ᠮᠣᠩᠭ᠋ᠤᠯ ᠤᠯᠤᠰ ᠤᠨ ᠰᠢᠨ᠎ᠡ ᠶᠡᠷᠦᠩᠬᠡᠢᠢᠯᠡᠭᠴᠢ ᠶᠢᠨ ᠬᠠᠮᠤᠭ ᠤᠨ ᠠᠩᠬᠠᠨ ᠤ ᠵᠠᠷᠯᠢᠭ ᠶᠤᠮ᠃
ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠵᠠᠩᠳᠠᠬᠦᠢᠦ ᠢᠢᠨ ᠡᠩᠬᠡᠪᠣᠯᠤᠳ
ᠪᠣᠯᠪᠠᠰᠤᠷᠠᠯ᠄
1984 ᠣᠨ ᠳᠤ ᠰᠡᠯᠡᠩᠭᠡ ᠠᠢᠢᠮᠠᠭ ᠤᠨ ᠰᠦᠬᠡᠪᠠᠭᠠᠲᠤᠷ ᠬᠣᠲᠠ ᠢᠢᠨ 10 ᠵᠢᠯ ᠦᠨ ᠳᠤᠮᠳᠠ ᠰᠤᠷᠭᠠᠭᠤᠯᠢ
1989 ᠣᠨ ᠳᠤ ᠣᠷᠣᠰ ᠤᠨ ᠬᠣᠯᠪᠣᠭᠠᠨ ᠤ ᠤᠯᠤᠰ ᠤᠨ ᠦᠷᠠᠯ ᠤᠨ ᠫᠣᠯᠢᠲ᠋ᠧᠭᠨᠢᠭ ᠤᠨ ᠳᠡᠭᠡᠳᠦ ᠰᠤᠷᠭᠠᠭᠤᠯᠢ ᠠᠦ᠋ᠲ᠋ᠣᠮᠠᠲ᠋ᠢᠭ ᠲᠧᠯᠧᠮᠧᠬᠠᠨᠢᠭ ᠤᠨ
ᠮᠣᠩᠭᠤᠯ ᠤᠯᠤᠰ ᠤᠨ ᠶᠡᠷᠦᠩᠬᠡᠢᠢᠯᠡᠭᠴᠢ ᠬᠠ᠂ ᠪᠠᠲᠤᠲᠤᠯᠭ᠎ᠠ ᠳᠠ᠂ ᠰᠦᠬᠡᠪᠠᠭᠠᠲᠤᠷ ᠤᠨ ᠬᠥᠰᠢᠶᠡᠨ ᠳᠥ ᠴᠡᠴᠡᠭ ᠡᠷᠭᠦᠵᠦ᠂ ᠴᠢᠩᠭᠢᠰ ᠬᠠᠭᠠᠨ ᠤ ᠬᠥᠰᠢᠶᠡᠨ ᠳᠥ ᠬᠦᠨᠳᠦᠳᠬᠡᠯ ᠦᠵᠡᠭᠦᠯᠦᠯ᠎ᠡ
ᠮᠣᠩᠭ᠋ᠤᠯ ᠤᠯᠤᠰ ᠤᠨ ᠶᠡᠷᠦᠩᠬᠡᠢᠢᠯᠡᠭᠴᠢ ᠬᠠ᠂ᠪᠠᠲᠤᠲᠤᠯᠭ᠎ᠠ ᠪᠦᠷᠢᠨ ᠡᠷᠬᠡ ᠪᠡᠨ ᠬᠡᠷᠡᠭᠵᠢᠭᠦᠯᠵᠦ ᠡᠬᠢᠯᠡᠭᠰᠡᠨ ᠲᠡᠢ ᠬᠣᠯᠪᠣᠭᠳᠠᠭᠤᠯᠤᠨ ᠳᠠ᠂ᠰᠦᠬᠡᠪᠠᠭᠠᠲᠤᠷ ᠤᠨ ᠬᠥᠰᠢᠶᠡᠨ ᠳᠥ ᠴᠡᠴᠡᠭ ᠡᠷᠭᠦᠵᠦ᠂ ᠴᠢᠩᠭᠢᠰ ᠬᠠᠭᠠᠨ ᠤ ᠬᠥᠰᠢᠶᠡᠨ ᠳᠥ ᠬᠦᠨᠳᠦᠳᠬᠡᠯ ᠦᠵᠡᠭᠦᠯᠦᠯ᠎ᠡ᠃ ᠡᠨᠡ ᠦᠶ᠎ᠡ ᠪᠡᠷ ᠮᠥᠨ ᠡᠮᠦᠨᠡᠬᠢ ᠶᠡᠷᠦᠩᠬᠡᠢᠢᠯᠡᠭᠴᠢ ᠴᠠ᠂ᠡᠯᠪᠡᠭ᠍ᠳᠣᠷᠵᠢ ᠴᠢᠩᠭᠢᠰ ᠬᠠᠭᠠᠨ ᠤ ᠬᠥᠰᠢᠶᠡᠨ ᠳᠥ ᠬᠦᠨᠳᠦᠳᠬᠡᠯ ᠦᠵᠡᠭᠦᠯᠪᠡ᠃
ᠮᠣᠩᠭ᠋ᠤᠯ ᠤᠯᠤᠰ ᠤᠨ ᠶᠡᠷᠦᠩᠬᠡᠢᠢᠯᠡᠭᠴᠢ ᠬᠠ᠂ᠪᠠᠲᠤᠲᠤᠯᠭ᠎ᠠ ᠡᠮᠦᠨᠡᠬᠢ ᠶᠡᠷᠦᠩᠬᠡᠢᠢᠯᠡᠭᠴᠢ ᠴᠠ᠂ᠡᠯᠪᠡᠭ᠍ᠳᠣᠷᠵᠢ ᠶᠢ ᠰᠦᠬᠡᠪᠠᠭᠠᠲᠤᠷ ᠤᠨ ᠲᠠᠯᠠᠪᠠᠢ ᠶᠢᠨ ᠲᠥᠪ ᠬᠡᠰᠡᠭ ᠬᠦᠷᠲᠡᠯ᠎ᠡ ᠬᠦᠨᠳᠦᠳᠬᠡᠨ ᠭᠠᠷᠭᠠᠵᠤ ᠥᠭ᠍ᠪᠡ᠃
ᠮᠣᠩᠭᠤᠯ ᠤᠯᠤᠰ ᠤᠨ ᠶᠡᠷᠦᠩᠬᠡᠢᠢᠯᠡᠭᠴᠢ ᠬᠠ∙ ᠪᠠᠲᠤᠲᠤᠯᠭ᠎ᠠ ᠲᠥᠷᠥ ᠢᠢᠨ ᠲᠠᠮᠠᠭ᠎ᠠ ᠭᠠᠷᠳᠠᠨ ᠠᠪᠤᠯ᠎ᠠ
ᠲᠥᠷᠥ ᠢᠢᠨ ᠣᠷᠳᠣᠨ ᠤ ᠶᠡᠬᠡ ᠲᠠᠩᠬᠢᠮ ᠳᠤ ᠶᠡᠷᠦᠩᠬᠡᠢᠢᠯᠡᠭᠴᠢ ᠢᠢᠨ ᠲᠠᠩᠭ᠋ᠠᠷᠢᠭ ᠡᠷᠭᠦᠭ᠍ᠰᠡᠨ ᠦ ᠳᠠᠷᠠᠭ᠎ᠠ ᠮᠣᠩᠭ᠋ᠤᠯ ᠤᠯᠤᠰ ᠤᠨ ᠶᠡᠷᠦᠩᠬᠡᠢᠢᠯᠡᠭᠴᠢ ᠬᠠ ∙ ᠪᠠᠲᠤᠲᠤᠯᠭ᠎ᠠ ᠮᠣᠩᠭ᠋ᠤᠯ ᠤᠯᠤᠰ ᠤᠨ ᠶᠡᠷᠦᠩᠬᠡᠢᠢᠯᠡᠭᠴᠢ ᠠᠰᠠᠨ ᠴᠠ∙ ᠡᠯᠪᠡᠭ᠍ᠳᠣᠷᠵᠢ ᠠᠴᠠ ᠲᠥᠷᠥ ᠢᠢᠨ ᠲᠠᠮᠠᠭ᠎ᠠ ᠭᠠᠷᠳᠠᠨ ᠠᠪᠤᠯ᠎ᠠ᠃
ᠢᠩᠭᠢᠭ᠍ᠰᠡᠨ ᠢᠶᠡᠷ ᠮᠣᠩᠭ᠋ᠤᠯ ᠤᠯᠤᠰ ᠤᠨ ᠶᠡᠷᠦᠩᠬᠡᠢᠢᠯᠡᠭᠴᠢ ᠬᠠ ∙ ᠪᠠᠲᠤᠲᠤᠯᠭ᠎ᠠ ᠪᠦᠷᠢᠨ ᠡᠷᠬᠡ ᠪᠡᠨ ᠬᠡᠷᠡᠭᠵᠢᠭᠦᠯᠦᠨ ᠠᠵᠢᠯ ᠡᠭᠦᠷᠭᠡ ᠪᠡᠨ ᠭᠦᠢᠴᠡᠳᠭᠡᠵᠦ ᠡᠬᠢᠯᠡᠪᠡ᠃
- 1
- 2
- 3
- 4
- 5
- 6
- 7
- 8
- 9
- 10
- 11
- 12
- 13
- 14
- 15
- 16
- 17
- 18
- 19
- 20
- 21
- 22
- 23
- 24
- 25
- 26
- 27
- 28
- 29
- 30
- 31
- 32
- 33
- 34
- 35
- 36
- 37
- 38
- 39
- 40
- 41
- 42
- 43
- 44
- 45
- 46
- 47
- 48
- 49
- 50
- 51
- 52
- 53
- 54
- 55
- 56
- 57
- 58
- 59
- 60
- 61
- 62
- 63
- 64
- 65
- 66
- 67
- 68
- 69
- 70
- 71
- 72
- 73
- 74
- 75
- 76
- 77
- 78
- 79
- 80
- 81
- 82
- 83
- 84
- 85
- 86
- 87
- 88
- 89
- 90
- 91
- 92
- 93
- 94
- 95
- 96
- 97
- 98
- 99
- 100
- …
- 211
- 212
- 213
- 214
- 215
- 216
- 217
- 218
- 219
- 220
- 221
- 222
- 223
- 224
- 225
- 226
- 227
- 228
- 229
- 230
- 231
- 232
- 233
- 234
- 235
- 236
- 237
- 238
- 239
- 240
- 241
- 242
- 243
- 244
- 245
- 246
- 247
- 248
- 249
- 250
- 251
- 252
- 253
- 254
- 255
- 256
- 257
- 258
- 259
- 260
- 261
- 262
- 263
- 264
- 265
- 266
- 267
- 268
- 269
- 270
- 271
- 272
- 273
- 274
- 275
- 276
- 277
- 278
- 279
- 280
- 281
- 282
- 283
- 284
- 285
- 286
- 287
- 288
- 289
- 290
- 291
- 292
- 293
- 294
- 295
- 296
- 297
- 298
- 299
- 300
- 301
- 302
- 303
- 304
- 305
- 306
- 307
- 308
- 309
- 310
- 311
- 312









