Та "Internet explorer"-ийн сүүлийн хувилбар болох "Microsoft edge"-г ашиглана уу

Хэрэв "Microsoft edge"-г татах бол энд дарж татаж авна уу

thumbnail 19.7.12-Harvaach
19.7.12-Harvaach
ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠵᠠᠷᠯᠢᠭ ᠢᠶᠠᠷ ᠦᠨᠳᠦᠰᠦᠨ ᠦ ᠰᠤᠷ ᠤᠨ ᠬᠠᠷᠪᠤᠭᠠᠴᠢᠳ ᠲᠤ ᠤᠯᠤᠰ ᠤᠨ ᠴᠣᠯᠠ ᠣᠯᠭᠤᠪᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠥᠨᠥᠳᠥᠷ ᠵᠠᠷᠯᠢᠭ ᠭᠠᠷᠭᠠᠵᠤ᠂ ᠲᠤᠯᠭᠤᠷ ᠲᠥᠷᠥ ᠢᠢᠨ 2228᠂ ᠶᠡᠬᠡ ᠮᠣᠩ᠋ᠭᠣᠯ ᠤᠯᠤᠰ ᠤᠨ 813᠂ ᠠᠷᠠᠳ ᠤᠨ ᠬᠤᠪᠢᠰᠬᠠᠯ ᠤᠨ 98 ᠵᠢᠯ ᠦᠨ ᠣᠢ᠂ ᠦᠨᠳᠦᠰᠦᠨ ᠦ ᠶᠡᠬᠡ ᠪᠠᠶᠠᠷ ᠨᠠᠭᠠᠳᠤᠮ ᠤᠨ ᠦᠨᠳᠦᠰᠦᠨ ᠦ ᠰᠤᠷ ᠤᠨ ᠬᠠᠷᠪᠤᠭᠠᠨ ᠤ ᠲᠡᠮᠡᠴᠡᠭᠡᠨ ᠳᠥ ᠨᠢᠭᠡ᠂ ᠬᠣᠶᠠᠷ᠂ ᠭᠤᠷᠪᠠᠳᠤᠭᠠᠷ ᠪᠠᠢᠢᠷᠢ ᠡᠵᠡᠯᠡᠭᠰᠡᠨ ᠬᠠᠷᠪᠤᠭᠠᠴᠢᠳ ᠲᠤ ᠤᠯᠤᠰ ᠤᠨ ᠴᠣᠯᠠ ᠣᠯᠭᠤᠯ᠎ᠠ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠵᠠᠷᠯᠢᠭ ᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠵ ∙ ᠡᠩᠬᠡᠪᠣᠯᠤᠳ ᠤᠩᠰᠢᠵᠤ ᠲᠠᠨᠢᠯᠴᠠᠭᠤᠯᠤᠭᠰᠠᠨ ᠤ ᠳᠠᠷᠠᠭ᠎ᠠ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ

thumbnail 19.7.12-Azarga
19.7.12-Azarga
ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠲᠣᠳᠤ ᠮᠠᠩᠯᠠᠢ ᠤᠶᠠᠭᠠᠴᠢ ᠣ᠊ ∙ ᠪᠠᠲᠤᠪᠢᠯᠢᠭ᠋ ᠤᠨ ᠭᠠᠯ ᠢᠶᠠᠷ ᠵᠣᠴᠢᠯᠠᠯ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠥᠨᠥᠳᠥᠷ ᠬᠦᠢ ᠳᠣᠯᠣᠭᠠᠨ ᠬᠤᠳᠳᠤᠭ ᠲᠤ ᠪᠠᠢᠢᠷᠢᠯᠠᠵᠤ ᠪᠤᠢ ᠳᠣᠷᠣᠨᠠᠲᠤ ᠠᠢᠢᠮᠠᠭ ᠤᠨ ᠪᠠᠶᠠᠨ᠋ᠲᠦ᠋ᠮᠡᠨ ᠰᠤᠮᠤ ᠢᠢᠨ ᠬᠠᠷᠢᠶᠠᠲᠤ ᠮᠣᠩ᠋ᠭᠣᠯ ᠤᠯᠤᠰ ᠤᠨ ᠲᠣᠳᠣ ᠮᠠᠩᠯᠠᠢ ᠤᠶᠠᠭᠠᠴᠢ ᠣ᠊ ∙ ᠪᠠᠲᠤᠪᠢᠯᠢᠭ᠌ ᠤᠨ ᠭᠠᠯ ᠢᠶᠠᠷ ᠵᠣᠴᠢᠯᠠᠯ᠎ᠠ᠃

ᠲᠤᠯᠭᠤᠷ ᠲᠥᠷᠥ ᠢᠢᠨ 2228 ᠵᠢᠯ᠂ ᠶᠡᠬᠡ ᠮᠣᠩ᠋ᠭᠣᠯ ᠤᠯᠤᠰ ᠤᠨ 813 ᠵᠢᠯ᠂ ᠠᠷᠠᠳ ᠤᠨ ᠬᠤᠪᠢᠰᠬᠠᠯ ᠤᠨ 98 ᠵᠢᠯ ᠦᠨ ᠣᠢ ᠦᠨᠳᠦᠰᠦᠨ ᠦ ᠶᠡᠬᠡ ᠪᠠᠶᠠᠷ ᠨᠠᠭᠠᠳᠤᠮ ᠤᠨ ᠠᠵᠢᠷᠭᠠᠨ ᠤ ᠤᠷᠤᠯᠳᠤᠭᠠᠨ ᠳᠤ 163 ᠬᠤᠷᠳᠤᠨ ᠠᠵᠢᠷᠭ᠎ᠠ ᠰᠢᠨᠳᠠᠰᠤ ᠪᠠᠨ ᠰᠣᠷᠢᠵᠤ᠂ ᠮᠣᠩ᠋ᠭᠣᠯ ᠤᠯᠤᠰ ᠤᠨ ᠲᠣᠳᠣ ᠮᠠᠩᠯᠠᠢ ᠤᠶᠠᠭᠠᠴᠢ ᠣ᠊ ∙ ᠪᠠᠲᠤᠪᠢᠯᠢᠭ᠌ ᠤᠨ

thumbnail 19.7.11-Soyolon
19.7.11-Soyolon
ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠬᠤᠷᠳᠤᠨ ᠰᠣᠶᠣᠭᠠᠯᠠᠩ ᠤᠨ ᠤᠷᠤᠯᠳᠤᠭᠠᠨ ᠦᠵᠡᠵᠦ ᠰᠣᠨᠢᠷᠬᠠᠯ᠎ᠠ

ᠲᠤᠯᠭᠤᠷ ᠲᠥᠷᠥ ᠢᠢᠨ 2228 ᠵᠢᠯ᠂ ᠶᠡᠬᠡ ᠮᠣᠩ᠋ᠭᠣᠯ ᠤᠯᠤᠰ ᠪᠠᠢᠢᠭᠤᠯᠤᠭᠳᠠᠰᠤᠨ ᠤ 813 ᠵᠢᠯ᠂ ᠠᠷᠠᠳ ᠤᠨ ᠬᠤᠪᠢᠰᠬᠠᠯ ᠤᠨ 98 ᠵᠢᠯ – ᠦᠨᠳᠦᠰᠦᠨ ᠦ ᠶᠡᠬᠡ ᠪᠠᠶᠠᠷ ᠨᠠᠭᠠᠳᠤᠮ ᠤᠨ ᠬᠤᠷᠳᠤᠨ ᠰᠣᠶᠣᠭᠠᠯᠠᠩ ᠤᠨ ᠤᠷᠤᠯᠳᠤᠭᠠᠨ ᠥᠨᠥᠳᠥᠷ ᠬᠦᠢ ᠳᠣᠯᠣᠭᠠᠨ ᠬᠤᠳᠳᠤᠭ ᠲᠤ ᠪᠣᠯᠤᠯ᠎ᠠ᠃

ᠬᠤᠷᠳᠤᠨ ᠰᠣᠶᠣᠭᠠᠯᠠᠩ ᠤᠨ ᠤᠷᠤᠯᠳᠤᠭᠠᠨ ᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ᠂ ᠤᠯᠤᠰ ᠤᠨ ᠶᠡᠬᠡ ᠬᠤᠷᠠᠯ ᠤᠨ ᠳᠠᠷᠤᠭ᠎ᠠ ᠭ ∙ ᠽᠠᠨᠳᠠᠨᠰᠢᠲᠠᠷ᠎ᠠ᠂ ᠶᠡᠷᠦᠩᠬᠡᠢ ᠰᠠᠢᠢᠳ ᠤ᠊ ∙ ᠬᠦᠷᠦᠯᠰᠦ᠋ᠬᠡ᠂ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠵ ∙ ᠡᠩᠬᠡᠪᠣᠯᠤᠳ ᠲᠡᠷᠢᠭᠦᠲᠡᠢ ᠤᠯᠤᠰ ᠤᠨ ᠶᠡᠬᠡ

thumbnail 19.7.11-MNB
19.7.11-MNB
ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠮᠣᠩ᠋ᠭᠣᠯ  ᠦᠨ ᠦᠨᠳᠦᠰᠦᠨ ᠦ ᠣᠯᠠᠨ ᠨᠡᠢᠢᠲᠡ ᠢᠢᠨ ᠷᠠᠳᠢᠣ‍ ᠲᠧᠯᠧᠸᠢᠽ ᠦᠨ ᠠᠰᠠᠷ ᠢᠶᠠᠷ ᠵᠣᠴᠢᠯᠠᠵᠤ᠂ ᠨᠠᠭᠠᠳᠤᠮᠴᠢᠨ ᠣᠯᠠᠨ ᠳᠤ ᠪᠠᠨ ᠮᠡᠨᠳᠦᠴᠢᠯᠡᠭᠡ ᠳᠡᠪᠰᠢᠭᠦᠯᠦᠯ᠎ᠡ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠥᠨᠥᠳᠥᠷ ᠥᠷᠯᠥᠭᠡ ᠲᠥᠪ ᠴᠡᠩᠭᠡᠯᠳᠦᠬᠦ ᠬᠦᠷᠢᠶᠡᠯᠡᠩ ᠦᠨ ᠭᠠᠳᠠᠨ᠎ᠠ ᠲᠠᠯᠠᠪᠠᠢ ᠠᠴᠠ ᠨᠠᠭᠠᠳᠤᠮ ᠤᠨ ᠦᠢᠯᠡ ᠠᠵᠢᠯᠯᠠᠭ᠎ᠠ ᠢᠢ ᠰᠢᠭᠤᠳ ᠳᠠᠮᠵᠢᠭᠤᠯᠵᠤ ᠪᠤᠢ ᠮᠣᠩ᠋ᠭᠣᠯ  ᠦᠨ ᠦᠨᠳᠦᠰᠦᠨ ᠦ ᠣᠯᠠᠨ ᠨᠡᠢᠢᠲᠡ ᠢᠢᠨ ᠷᠠᠳᠢᠣ‍ ᠲᠧᠯᠧᠸᠢᠽ ᠦᠨ ᠠᠰᠠᠷ ᠢᠶᠠᠷ ᠵᠣᠴᠢᠯᠠᠵᠤ᠂ ᠨᠠᠭᠠᠳᠤᠮᠴᠢᠨ ᠣᠯᠠᠨ ᠳᠤ ᠪᠠᠨ ᠴᠡᠩᠬᠡᠷ ᠳᠡᠯᠭᠡᠴᠡ ᠪᠡᠷ ᠳᠠᠮᠵᠢᠭᠤᠯᠤᠨ ᠮᠡᠨᠳᠦᠴᠢᠯᠡᠭᠡ ᠳᠡᠪᠰᠢᠭᠦᠯᠦᠯ᠎ᠡ᠃

-ᠰᠠᠢᠢᠨ ᠪᠠᠢᠢᠨ᠎ᠠ ᠤᠤ ᠲᠠ᠃ ᠰᠠᠢᠢᠬᠠᠨ ᠨᠠᠭᠠᠳᠴᠤ ᠪᠠᠢᠢᠨ᠎ᠠ ᠤᠤ?

-ᠰᠠᠢᠢᠬᠠᠨ ᠨᠠᠭᠠᠳᠴᠤ ᠪᠠᠢᠢᠨ᠎ᠠ᠃ ᠰᠠᠢᠢᠬᠠᠨ ᠨᠠᠭᠠᠳᠤᠵᠠᠭᠠᠵᠤ ᠪᠠᠢᠢᠨ᠎ᠠ ᠤᠤ᠃ 2017 ᠣᠨ ᠤ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠰᠣᠩ᠋ᠭᠣᠭᠤᠯᠢ ᠠᠴᠠ ᠬᠣᠢᠢᠰᠢ ᠨᠡᠢᠢᠲᠡ ᠳᠥ ᠪᠡᠨ ᠭᠤᠷᠪᠠ ᠳᠠᠬᠢ

thumbnail 19.7.11-Shagai
19.7.11-Shagai
ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠱᠠᠭ᠎ᠠ ᠢᠢᠨ ᠠᠰᠠᠷ ᠢᠶᠠᠷ ᠵᠣᠴᠢᠯᠠᠪᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠰᠤᠷ ᠤᠨ ᠲᠠᠯᠠᠪᠠᠢ ᠪᠠᠷ ᠵᠣᠴᠢᠯᠠᠵᠤ᠂ ᠳᠠᠭᠤᠲᠤ ᠰᠤᠮᠤ ᠬᠠᠷᠪᠤᠭᠰᠠᠨ ᠤ ᠪᠠᠨ ᠳᠠᠷᠠᠭ᠎ᠠ ᠱᠠᠭ᠎ᠠ ᠢᠢᠨ ᠠᠰᠠᠷ ᠢᠶᠠᠷ ᠵᠣᠴᠢᠯᠠᠵᠤ ᠬᠠᠷᠪᠤᠭᠠᠴᠢ᠂ ᠨᠠᠭᠠᠳᠤᠮᠴᠢᠨ ᠣᠯᠠᠨ ᠲᠠᠢ ᠮᠡᠨᠳᠦᠴᠢᠯᠡᠯ᠎ᠡ᠃ ᠮᠥᠨ ᠲᠥᠷᠥ ᠢᠢᠨ ᠲᠡᠷᠢᠭᠦᠨ ᠱᠠᠭ᠎ᠠ ᠢᠢᠨ ᠠᠰᠠᠷ ᠲᠤ ᠵᠣᠴᠢᠯᠠᠬᠤ ᠦᠶ᠎ᠡ ᠪᠡᠷ ᠢᠶᠡᠨ ᠤᠯᠠᠮᠵᠢᠯᠠᠯ ᠤᠨ ᠳᠠᠭᠠᠭᠤ ᠶᠢᠰᠦᠨ ᠲᠣᠬᠣᠢ ᠵᠠᠢ ᠠᠴᠠ ᠱᠠᠭ᠎ᠠ ᠬᠠᠷᠪᠤᠵᠤ᠂ ᠨᠠᠭᠠᠳᠤᠮᠴᠢᠨ ᠣᠯᠠᠨ ᠳᠤ ᠬᠦᠨᠳᠦᠳᠬᠡᠯ ᠦᠵᠡᠭᠦᠯᠦᠯ᠎ᠡ᠃

thumbnail 19.7.11-Sum
19.7.11-Sum
ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠰᠤᠷ ᠤᠨ ᠲᠠᠯᠠᠪᠠᠢ ᠳᠤ ᠵᠣᠴᠢᠯᠠᠵᠤ᠂ ᠳᠠᠭᠤᠲᠤ ᠰᠤᠮᠤ ᠬᠠᠷᠪᠤᠯ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠦᠨᠳᠦᠰᠦᠨ ᠦ ᠶᠡᠬᠡ ᠪᠠᠶᠠᠷ ᠨᠠᠭᠠᠳᠤᠮ ᠢ ᠨᠡᠭᠡᠭᠡᠵᠦ ᠦᠭᠡ ᠬᠡᠯᠡᠭᠰᠡᠨ ᠦ ᠪᠡᠨ ᠳᠠᠷᠠᠭ᠎ᠠ ᠰᠤᠷ ᠤᠨ ᠲᠠᠯᠠᠪᠠᠢ ᠳᠤ ᠵᠣᠴᠢᠯᠠᠵᠤ᠂ ᠴᠡᠴᠡ ᠮᠡᠷᠭᠡᠨ ᠢᠶᠡᠨ ᠰᠣᠷᠢᠵᠤ ᠪᠤᠢ ᠬᠠᠷᠪᠤᠭᠠᠴᠢᠳ᠂ ᠨᠠᠭᠠᠳᠤᠮᠴᠢᠨ ᠣᠯᠠᠨ ᠲᠠᠢ ᠮᠡᠨᠳᠦᠴᠢᠯᠡᠯ᠎ᠡ᠃

ᠮᠥᠨ ᠡᠷᠲᠡᠨ ᠦ ᠰᠠᠢᠢᠬᠠᠨ ᠤᠯᠠᠮᠵᠢᠯᠠᠯ ᠤᠨ ᠳᠠᠭᠠᠭᠤ ᠳᠠᠭᠤᠲᠤ ᠰᠤᠮᠤ ᠪᠠᠷ ᠬᠠᠷᠪᠤᠵᠤ ᠮᠣᠩ᠋ᠭᠣᠯ ᠬᠠᠷᠪᠤᠭᠠᠨ ᠤ ᠠᠯᠲᠠᠨ ᠵᠢᠷᠤᠬᠠᠢ᠂ ᠡᠷᠡᠬᠡᠢ ᠮᠡᠷᠭᠡᠨ ᠬᠠᠷᠪᠤᠭᠠᠴᠢᠳ᠂ ᠨᠠᠭᠠᠳᠤᠮᠴᠢᠨ ᠣᠯᠠᠨ ᠳᠤ ᠪᠠᠨ ᠬᠦᠨᠳᠦᠳᠬᠡᠯ ᠦᠵᠡᠭᠦᠯᠪᠡ᠃

ᠡᠨᠡ ᠦᠶ᠎ᠡ ᠪᠡᠷ ᠢᠶᠡᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ 《ᠨᠠᠭᠠᠳᠤᠮᠴᠢᠨ ᠣᠯᠠᠨ ᠳᠤ ᠪᠠᠨ ᠰᠤᠷ ᠤᠨ ᠲᠠᠯᠠᠪᠠᠢ ᠠᠴᠠ ᠳᠠᠬᠢᠨ ᠮᠡᠨᠳᠦᠴᠢᠯᠡᠵᠦ ᠪᠠᠢᠢᠨ᠎ᠠ᠃ ᠨᠠᠷᠠ