Та "Internet explorer"-ийн сүүлийн хувилбар болох "Microsoft edge"-г ашиглана уу

Хэрэв "Microsoft edge"-г татах бол энд дарж татаж авна уу

thumbnail 18.11.12 shuuh
18.11.12 shuuh
ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠰᠢᠨ᠎ᠡ ᠪᠡᠷ ᠲᠣᠮᠢᠯᠠᠭᠳᠠᠭᠰᠠᠨ ᠵᠠᠷᠢᠮ ᠰᠢᠭᠦᠭᠴᠢ ᠳᠥ ᠵᠠᠷᠯᠢᠭ ᠭᠠᠷᠳᠠᠭᠤᠯᠤᠯ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠥᠨᠥᠳᠥᠷ ᠰᠢᠨ᠎ᠡ ᠪᠡᠷ ᠲᠣᠮᠢᠯᠠᠭᠳᠠᠭᠰᠠᠨ ᠵᠠᠷᠢᠮ ᠰᠢᠭᠦᠭ᠍ᠴᠢ ᠳᠤ ᠰᠢᠭᠦᠭ᠍ᠴᠢ ᠪᠡᠷ ᠲᠣᠮᠢᠯᠠᠭᠰᠠᠨ ᠵᠠᠷᠯᠢᠭ ᠢᠶᠠᠨ ᠭᠠᠷᠳᠠᠭᠤᠯᠵᠤ᠂ ᠠᠮᠵᠢᠯᠲᠠ ᠬᠦᠰᠡᠬᠦ ᠢᠢᠨ ᠵᠡᠷᠭᠡᠴᠡᠭᠡ ᠠᠵᠢᠯ ᠳᠤ ᠪᠠᠨ ᠬᠠᠷᠢᠭᠤᠴᠠᠯᠭ᠎ᠠ ᠲᠠᠢ ᠬᠠᠨᠳᠤᠬᠤ ᠢᠢ ᠠᠩ᠋ᠬᠠᠷᠤᠭᠤᠯᠤᠯ᠎ᠠ᠃

 

ᠮᠣᠩ᠋ᠭᠣᠯ ᠤᠯᠤᠰ ᠤᠨ ᠶᠡᠷᠦᠩᠬᠡᠢᠢᠯᠡᠭᠴᠢ ᠵᠠᠷᠯᠢᠭ ᠭᠠᠷᠳᠠᠭᠤᠯᠬᠤ ᠳᠤ ᠪᠠᠨ 《ᠰᠢᠭᠦᠭ᠍ᠴᠢ ᠪᠡᠷ ᠲᠣᠮᠢᠯᠠᠭᠳᠠᠭᠰᠠᠨ ᠳᠤ ᠪᠠᠶᠠᠷ ᠬᠦᠷᠭᠡᠵᠦ ᠠᠵᠢᠯ ᠤᠨ ᠠᠮᠵᠢᠯᠲᠠ ᠬᠦᠰᠡᠶ᠎ᠡ᠃ ᠰᠢᠳᠤᠷᠭᠤ ᠶᠣᠰᠣ ᠠᠯᠳᠠᠭᠳᠠᠵᠤ᠂ ᠰᠢᠭᠦᠭ᠍ᠴᠢ ᠨᠠᠷ ᠤᠨ ᠨᠡᠷ᠎ᠡ ᠬᠦᠨᠳᠦ ᠮᠠᠭᠤ᠂ ᠨᠥᠬᠥᠴᠡᠯ ᠪᠠᠢᠢᠳᠠᠯ ᠬᠦᠨᠳᠦ ᠪᠠᠢᠢᠭ᠎ᠠ ᠦᠶ᠎ᠡ ᠳᠥ ᠬᠠᠷᠢᠭᠤᠴᠠᠯᠭᠠᠲᠠᠢ ᠠᠯᠪᠠᠨ ᠲᠤᠰᠢᠶᠠᠯ ᠳᠤ ᠲᠣᠮᠢᠯᠠᠭᠳᠠᠵᠤ ᠪᠠᠢᠢᠭ᠎ᠠ ᠪᠠᠨ ᠤᠬᠠᠮᠰᠠᠷᠯᠠᠵᠤ ᠠᠵᠢᠯᠯᠠᠭᠠᠷᠠᠢ》 ᠬᠡᠮᠡᠨ ᠰᠠᠨᠠᠭᠤᠯᠪᠠ᠃

thumbnail 18.11.12 Mimitsa
18.11.12 Mimitsa
ᠮᠣᠩᠭᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ ᠧᠦ᠋ᠷᠣᠫᠠ ᠶᠢᠨ ᠬᠣᠯᠪᠣᠭᠠᠨ ᠤ ᠣᠯᠠᠨ ᠤᠯᠤᠰ ᠤᠨ ᠬᠠᠮᠲᠤ ᠶᠢᠨ ᠠᠵᠢᠯᠯᠠᠭ᠎ᠠ᠂ ᠬᠥᠭᠵᠢᠯ ᠦᠨ ᠠᠰᠠᠭᠤᠳᠠᠯ ᠬᠠᠷᠢᠭᠤᠴᠠᠭᠰᠠᠨ ᠺᠣᠮᠢᠰᠰᠠᠷ ᠨᠸᠧᠧᠨ ᠮᠢᠮᠢᠼᠠ ᠢᠢ ᠬᠦᠯᠢᠶᠡᠨ ᠠᠪᠴᠤ ᠠᠭᠤᠯᠵᠠᠪᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠥᠨᠥᠳᠥᠷ ᠧᠦ᠋ᠷᠣᠫᠠ ᠢᠢᠨ ᠬᠣᠯᠪᠣᠭᠠᠨ ᠤ ᠣᠯᠠᠨ ᠤᠯᠤᠰ ᠤᠨ ᠬᠠᠮᠲᠤ ᠢᠢᠨ ᠠᠵᠢᠯᠯᠠᠭ᠎ᠠ᠂ ᠬᠥᠭ᠍ᠵᠢᠯ ᠦᠨ ᠠᠰᠠᠭᠤᠳᠠᠯ ᠬᠠᠷᠢᠭᠤᠴᠠᠭᠰᠠᠨ ᠺᠣᠮᠢᠰᠰᠠᠷ ᠨᠸᠧᠧᠨ ᠮᠢᠮᠢᠼᠠ ᠢᠢ ᠬᠦᠯᠢᠶᠡᠨ ᠠᠪᠴᠤ ᠠᠭᠤᠯᠵᠠᠯ᠎ᠠ᠃

 

ᠠᠭᠤᠯᠵᠠᠯᠲᠠ ᠢᠢᠨ ᠡᠬᠢᠨ ᠳᠥ᠂ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠨᠣᠶᠠᠨ ᠨᠸᠧᠧᠨ ᠮᠢᠮᠢᠼᠠ ᠢᠢ ᠮᠣᠩ᠋ᠭᠣᠯ ᠤᠯᠤᠰ ᠲᠤ ᠲᠠᠪᠠᠲᠠᠢ ᠮᠣᠷᠢᠯᠠᠬᠤ ᠢᠢ ᠬᠦᠰᠡᠭᠡᠳ᠂ ᠬᠠᠮᠲᠤ ᠢᠢᠨ ᠠᠵᠢᠯᠯᠠᠭᠠᠨ ᠤ 30 ᠵᠢᠯ ᠦᠨ ᠣᠢ ᠢᠢᠨ ᠡᠮᠦᠨ᠎ᠡ ᠧᠦ᠋ᠷᠣᠫᠠ ᠢᠢᠨ ᠬᠣᠯᠪᠣᠭ᠎ᠠ ᠮᠠᠨ ᠤ ᠤᠯᠤᠰ ᠲᠤ ᠲᠥᠯᠥᠭᠡᠯᠡᠭᠴᠢ ᠢᠢᠨ ᠭᠠᠵᠠᠷ ᠢᠶᠠᠨ ᠨᠡᠭᠡᠭᠡᠬᠦ ᠭᠡᠵᠦ ᠪᠤᠢ ᠳᠤ ᠲᠠᠯᠠᠷᠬᠠᠯ ᠢᠯᠡᠷᠬᠡᠢᠢᠯᠡᠯ᠎ᠡ᠃ ᠮᠥᠨ ᠥᠩᠭᠡᠷᠡᠭᠰᠡᠨ ᠬᠤᠭᠤᠴᠠᠭᠠᠨ ᠤ ᠬᠠᠮᠲᠤ ᠢᠢᠨ ᠠᠵᠢᠯᠯᠠᠭ᠎ᠠ ᠪᠠᠨ᠂ ᠲᠤᠰᠠᠯᠠᠮᠵᠢ

thumbnail 18.11.09 Child
18.11.09 Child
ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ 《ᠡᠷᠡᠭᠦᠯ ᠬᠡᠦᠬᠡᠳ ᠡᠬᠡ ᠣᠷᠣᠨ ᠤ ᠢᠷᠡᠭᠡᠳᠦᠢ》 ᠬᠡᠦᠬᠡᠳ ᠦᠨ ᠡᠮᠴᠢ ᠨᠠᠷ ᠤᠨ ᠤᠯᠤᠰ ᠤᠨ ᠵᠥᠪᠯᠡᠭᠡᠨ ᠳᠥ ᠦᠭᠡ ᠬᠡᠯᠡᠯ᠎ᠡ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠢᠪᠡᠭᠡᠯ ᠳᠣᠣᠷ᠎ᠠ ᠵᠣᠬᠢᠶᠠᠨ ᠪᠠᠢᠢᠭᠤᠯᠤᠭᠳᠠᠵᠤ ᠪᠤᠢ 《ᠡᠷᠡᠭᠦᠯ ᠬᠡᠦᠬᠡᠳ ᠡᠬᠡ ᠣᠷᠣᠨ ᠤ ᠢᠷᠡᠭᠡᠳᠦᠢ》 ᠬᠡᠦᠬᠡᠳ ᠦᠨ ᠡᠮᠴᠢ ᠨᠠᠷ ᠤᠨ ᠤᠯᠤᠰ ᠤᠨ ᠵᠥᠪᠯᠡᠭᠡᠨ ᠥᠨᠥᠳᠥᠷ ᠲᠥᠷᠥ ᠢᠢᠨ ᠣᠷᠳᠣᠨ ᠤ ᠶᠡᠬᠡ ᠲᠠᠩᠬᠢᠮ ᠳᠤ ᠪᠣᠯᠤᠯ᠎ᠠ᠃ ᠥᠨᠥᠳᠥᠷ ᠪᠠᠰᠠᠩ ᠭᠠᠷᠠᠭ ᠬᠡᠳᠦᠢ ᠴᠤ ᠮᠣᠩ᠋ᠭᠣᠯ ᠤᠯᠤᠰ ᠤᠨ ᠵᠠᠰᠠᠭ ᠤᠨ ᠭᠠᠵᠠᠷ ᠤᠨ ᠰᠢᠢᠳᠪᠦᠷᠢ ᠪᠡᠷ ᠠᠮᠠᠷᠠᠯᠲᠠ ᠢᠢᠨ ᠡᠳᠦᠷ ᠪᠣᠯᠭᠠᠨ ᠵᠠᠷᠯᠠᠭᠰᠠᠨ ᠢ ᠡᠰᠡ ᠲᠣᠭᠠᠴᠠᠨ ᠡᠨᠡᠬᠦ ᠵᠥᠪᠯᠡᠭᠡᠨ ᠳᠥ ᠣᠷᠣᠯᠴᠠᠭᠴᠢᠳ ᠰᠠᠯᠪᠤᠷᠢ ᠢᠢᠨ ᠢᠶᠠᠨ ᠲᠤᠯᠭᠠᠮᠳᠠᠭᠰᠠᠨ ᠠᠰᠠᠭᠤᠳᠠᠯ ᠢ ᠬᠡᠯᠡᠯᠴᠡᠬᠦ ᠪᠡᠷ ᠣᠯᠠᠭᠤᠯᠠ ᠪᠠᠨ ᠴᠤᠭᠯᠠᠷᠠᠵᠠᠢ᠃ ᠠᠮᠠᠷᠠᠯᠲᠠ ᠢᠢᠨ ᠡᠳᠦᠷ ᠢᠶᠡᠷ ᠠᠵᠢᠯᠯᠠᠵᠤ ᠠᠰᠠᠭᠤᠳᠠᠯ ᠢᠶᠠᠨ ᠶᠠᠷᠢᠯᠴᠠᠵᠤ ᠪᠠᠢᠢᠭ᠎ᠠ ᠲᠡᠳᠡᠨ ᠳᠥ ᠬᠠᠨᠳᠤᠨ ᠮᠣᠩ᠋ᠭᠣᠯ ᠤᠯᠤᠰ ᠤᠨ ᠶᠡᠷᠦᠩᠬᠡᠢᠢᠯᠡᠭᠴᠢ

thumbnail 18.11.08 Buh shagnal1
18.11.08 Buh shagnal1
ᠮᠣᠩ᠋ᠭᠣᠯ ᠪᠠᠬᠠᠷᠬᠠᠯ ᠤᠨ ᠡᠳᠦᠷ ᠲᠦ ᠵᠣᠷᠢᠭᠤᠯᠤᠭᠰᠠᠨ ᠬᠦᠴᠦᠲᠦ ᠪᠥᠬᠡ ᠢᠢᠨ ᠪᠠᠷᠢᠯᠳᠤᠭᠠᠨ ᠳᠤ ᠲᠦᠷᠦᠭᠦᠯᠡᠵᠦ᠂ ᠦᠵᠦᠭᠦᠷᠯᠡᠭᠰᠡᠨ ᠪᠥᠬᠡᠴᠦᠳ ᠲᠥ ᠱᠠᠩᠨᠠᠯ ᠭᠠᠷᠳᠠᠭᠤᠯᠪᠠ

ᠡᠵᠡᠨ ᠪᠣᠭᠳᠠ ᠴᠢᠩᠭᠢᠰ ᠬᠠᠭᠠᠨ-ᠲᠡᠮᠦᠵᠢᠨ ᠦ ᠮᠡᠨᠳᠦᠯᠡᠭᠰᠡᠨ ᠡᠪᠦᠯ ᠦᠨ ᠲᠡᠷᠢᠭᠦᠨ ᠰᠠᠷ᠎ᠠ ᠢᠢᠨ ᠰᠢᠨ᠎ᠡ ᠢᠢᠨ ᠨᠢᠭᠡᠨ᠂ ᠮᠣᠩ᠋ᠭᠣᠯ ᠪᠠᠬᠠᠷᠬᠠᠯ ᠤᠨ ᠡᠳᠦᠷ ᠲᠥ ᠵᠣᠷᠢᠭᠤᠯᠤᠭᠰᠠᠨ ᠤᠯᠤᠰ᠂ ᠠᠢᠢᠮᠠᠭ ᠤᠨ ᠠᠯᠳᠠᠷ᠂ ᠴᠣᠯᠠ ᠲᠠᠢ ᠥᠨᠳᠥᠷ ᠴᠢᠨᠰᠠᠭ᠎ᠠ ᠲᠠᠢ ᠬᠦᠴᠦᠲᠦ 128 ᠪᠥᠬᠡ ᠢᠢᠨ ᠪᠠᠷᠢᠯᠳᠤᠭᠠᠨ ᠥᠨᠥᠳᠥᠷ 《ᠪᠤᠶᠠᠨᠲᠤ ᠬᠤᠸᠠ》 ᠰᠫᠣᠷᠲ ᠴᠣᠭᠴᠠᠯᠠᠪᠤᠷᠢ ᠳᠤ ᠪᠣᠯᠵᠤ ᠥᠨᠳᠥᠷᠯᠡᠯ᠎ᠡ᠃

 

ᠤᠯᠤᠰ ᠤᠨ ᠠᠪᠤᠷᠭᠤ ᠨ ∙ ᠪᠠᠲᠤᠰᠠᠭᠤᠷᠢ᠂ ᠤᠯᠤᠰ ᠤᠨ ᠠᠷᠰᠯᠠᠨ ᠫ ∙ ᠪᠦᠷᠢᠨᠲᠡᠭᠦᠰ᠂ ᠡ᠊ ∙ ᠣᠶᠤᠨᠪᠣᠯᠤᠳ ᠨᠠᠷ ᠤᠨ ᠮᠠᠩᠨᠠᠢᠢᠯᠠᠨ ᠪᠠᠷᠢᠯᠳᠤᠭᠰᠠᠨ ᠬᠦᠴᠦᠲᠦ 128 ᠪᠥᠬᠡ ᠢᠢᠨ ᠪᠠᠷᠢᠯᠳᠤᠭᠠᠨ ᠳᠤ᠄

 

ᠳᠣᠷᠣᠨᠠᠲᠤ ᠠᠢᠢᠮᠠᠭ ᠤᠨ ᠳᠠᠰᠢᠪᠠᠯᠪᠠᠷ ᠰᠤᠮᠤ ᠢᠢᠨ ᠬᠠᠷᠢᠶᠠᠲᠤ᠂ ᠣᠨᠴᠠᠭᠠᠢ ᠪᠠᠢᠢᠳᠠᠯ ᠤᠨ ᠶᠡᠷᠦᠩᠬᠡᠢ ᠭᠠᠵᠠᠷ ᠤᠨ 《ᠠᠪᠤᠷᠠᠭᠴᠢ》 ᠰᠫᠣᠷᠲ

thumbnail 18.11.08 Bukh neelt1
18.11.08 Bukh neelt1
ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠶᠡᠬᠡ ᠡᠵᠡᠨ ᠴᠢᠩ᠋ᠭᠢᠰ ᠬᠠᠭᠠᠨ ᠤ ᠮᠡᠨᠳᠦᠯᠡᠭᠰᠡᠨ ᠦ 856 ᠵᠢᠯ ᠦᠨ ᠣᠢ᠂ ᠮᠣᠩ᠋ᠭᠣᠯ ᠪᠠᠬᠠᠷᠬᠠᠯ ᠤᠨ ᠡᠳᠦᠷ ᠲᠦ ᠵᠣᠷᠢᠭᠤᠯᠤᠭᠰᠠᠨ ᠬᠦᠴᠦᠲᠦ ᠪᠥᠬᠡ ᠢᠢᠨ ᠪᠠᠷᠢᠯᠳᠤᠭᠠᠨ ᠢ ᠨᠡᠭᠡᠭᠡᠵᠦ ᠦᠭᠡ ᠬᠡᠯᠡᠯ᠎ᠡ

ᠶᠡᠬᠡ ᠡᠵᠡᠨ ᠴᠢᠩ᠋ᠭᠢᠰ ᠬᠠᠭᠠᠨ ᠤ ᠮᠡᠨᠳᠦᠯᠡᠭᠰᠡᠨ ᠡᠪᠦᠯ ᠦᠨ ᠲᠡᠷᠢᠭᠦᠨ ᠰᠠᠷ᠎ᠠ ᠢᠢᠨ ᠰᠢᠨ᠎ᠡ ᠢᠢᠨ ᠨᠢᠭᠡᠨ᠂ ᠮᠣᠩ᠋ᠭᠣᠯ ᠪᠠᠬᠠᠷᠬᠠᠯ ᠤᠨ ᠡᠳᠦᠷ ᠲᠥ ᠵᠣᠷᠢᠭᠤᠯᠤᠭᠰᠠᠨ ᠤᠯᠤᠰ᠂ ᠠᠢᠢᠮᠠᠭ ᠤᠨ ᠠᠯᠳᠠᠷ᠂ ᠴᠣᠯᠠ ᠲᠠᠢ ᠥᠨᠳᠥᠷ ᠴᠢᠨᠰᠠᠭ᠎ᠠ ᠲᠠᠢ ᠬᠦᠴᠦᠲᠦ 128 ᠪᠥᠬᠡ ᠢᠢᠨ ᠪᠠᠷᠢᠯᠳᠤᠭᠠᠨ 《ᠪᠤᠶᠠᠨᠲᠤ ᠬᠤᠸᠠ》 ᠰᠫᠣᠷᠲ ᠴᠣᠭᠴᠠᠯᠠᠪᠤᠷᠢ ᠳᠤ ᠡᠬᠢᠯᠡᠯ᠎ᠡ᠃ ᠬᠦᠴᠦᠲᠦ ᠪᠥᠬᠡ ᠢᠢᠨ ᠪᠠᠷᠢᠯᠳᠤᠭᠠᠨ ᠢ ᠨᠡᠭᠡᠭᠡᠵᠦ᠂ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠠᠷᠠᠳ ᠲᠦᠮᠡᠨ ᠳᠦ ᠪᠡᠨ ᠬᠠᠨᠳᠤᠨ ᠦᠭᠡ ᠬᠡᠯᠡᠪᠡ᠃

 

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ :

 

ᠮᠣᠩ᠋ᠭᠣᠯᠴᠤᠳ ᠠ᠋᠂

ᠳᠡᠯᠡᠬᠡᠢ ᠳᠠᠶᠠᠭᠠᠷ ᠲᠤ ᠲᠠᠷᠬᠠᠨ ᠰᠠᠭᠤᠷᠢᠰᠢᠭ᠌ᠰᠠᠨ ᠮᠣᠩ᠋ᠭᠣᠯ ᠲᠤᠭᠤᠷᠭᠠᠲᠠᠨ ᠨᠤᠭᠤᠳ ᠠ᠋᠂

 

ᠮᠣᠩ᠋ᠭᠣᠯ ᠪᠢᠳᠡᠨ ᠦ ᠪᠠᠬᠠᠷᠬᠠᠯ᠂ ᠳᠡᠭᠡᠳᠦ

thumbnail 18.11.08 Chingis1
18.11.08 Chingis1
ᠶᠡᠬᠡ ᠡᠵᠡᠨ ᠴᠢᠩᠭᠢᠰ ᠬᠠᠭᠠᠨ ᠤ ᠬᠥᠰᠢᠶᠡᠨ ᠳᠦ ᠬᠦᠨᠳᠦᠳᠬᠡᠯ ᠦᠵᠡᠭᠦᠯᠦᠯ᠎ᠡ

ᠮᠣᠩ᠌ᠭᠣᠯ ᠤᠯᠤᠰ ᠤᠨ ᠶᠡᠷᠦᠩᠬᠡᠶᠢᠯᠡᠭᠴᠢ 2012 ᠣᠨ ᠤ 1  ᠳᠦᠭᠡᠷ ᠰᠠᠷ᠎ᠠ ᠶᠢᠨ 9 ᠍ ᠦ ᠡᠳᠦᠷ ᠵᠠᠷᠯᠢᠭ ᠭᠠᠷᠭᠠᠵᠤ᠄

 

ᠡᠵᠡᠨ ᠪᠣᠭᠳᠠ ᠴᠢᠩᠭᠢᠰ ᠬᠠᠭᠠᠨ-ᠲᠡᠮᠦᠵᠢᠨ ᠦ ᠮᠡᠨᠳᠦᠯᠡᠭᠰᠡᠨ ᠣᠩᠨᠠᠭ᠎ᠠ ᠶᠢ ᠠᠯᠪᠠᠨ ᠶᠣᠰᠣᠨ ᠤ ᠪᠣᠯᠭᠠᠵᠤ᠂ ᠶᠣᠰᠣᠴᠢᠯᠠᠬᠤ ᠰᠠᠨᠠᠯ ᠳ᠋ᠦᠩᠨᠡᠯᠲᠡ ᠭᠠᠷᠭᠠᠬᠤ ᠠᠵᠢᠯ ᠤᠨ ᠬᠡᠰᠡᠭ ᠦᠨ ᠳ᠋ᠦᠩᠨᠡᠯᠲᠡ ᠪᠣᠯᠤᠨ ᠮᠣᠩ᠌ᠭᠣᠯ ᠤᠯᠤᠰ ᠤᠨ ᠰᠢᠨᠵᠢᠯᠡᠬᠦ ᠤᠬᠠᠭᠠᠨ ᠤ ᠠᠺᠠᠳᠧᠮᠢ ᠠᠴᠠ ᠡᠷᠭᠦᠨ ᠪᠠᠷᠢᠭᠰᠠᠨ ᠰᠠᠨᠠᠯ ᠢ ᠦᠨᠳᠦᠰᠦᠯᠡᠨ ᠴᠢᠩᠭᠢᠰ ᠬᠠᠭᠠᠨ-ᠲᠡᠮᠦᠵᠢᠨ ᠦ ᠮᠡᠨᠳᠦᠯᠡᠭᠰᠡᠨ ᠣᠩᠨᠠᠭ᠎ᠠ ᠶᠢ ᠪᠢᠯᠢᠭ᠌ ᠦᠨ ᠲᠣᠭᠠᠯᠠᠯ ᠤᠨ ᠭᠤᠷᠪᠠᠳᠤᠭᠠᠷ ᠵᠢᠷᠠᠨ ᠤ ᠬᠠᠷ᠎ᠠ ᠮᠣᠷᠢᠨ ᠵᠢᠯ ᠪᠤᠶᠤ 1162 ᠣᠨ ᠤ ᠡᠪᠦᠯ ᠦᠨ ᠲᠡᠷᠢᠭᠦᠨ ᠰᠠᠷ᠎ᠠ ᠶᠢᠨ ᠰᠢᠨ᠎ᠡ ᠶᠢᠨ ᠨᠢᠭᠡᠨ ᠦ ᠡᠳᠦᠷ ᠬᠡᠮᠡᠨ ᠦᠵᠡᠰᠦᠭᠡᠢ