Та "Internet explorer"-ийн сүүлийн хувилбар болох "Microsoft edge"-г ашиглана уу

Хэрэв "Microsoft edge"-г татах бол энд дарж татаж авна уу

thumbnail 18.10.07 Putin
18.10.07 Putin
ᠮᠣᠩᠭᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ ᠣᠷᠣᠰ ᠤᠨ ᠬᠣᠯᠪᠣᠭᠠᠨ ᠤ ᠤᠯᠤᠰ ᠤᠨ ᠶᠡᠷᠦᠩᠬᠡᠶᠢᠯᠡᠭᠴᠢ ᠸ ∙ ᠸ ∙ ᠫᠦᠲ᠋ᠢᠨ ᠳᠦ ᠲᠦᠷᠦᠭᠰᠡᠨ ᠡᠳᠦᠷ ᠦᠨ ᠮᠡᠨᠳᠦᠴᠢᠯᠡᠭᠡ ᠳᠡᠪᠰᠢᠭᠦᠯᠪᠡ

ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠥᠨᠥᠳᠥᠷ ᠲᠦᠷᠦᠭᠰᠡᠨ ᠡᠳᠦᠷ ᠨᠢ ᠲᠣᠬᠢᠶᠠᠵᠤ ᠪᠤᠢ ᠣᠷᠣᠰ ᠤᠨ ᠬᠣᠯᠪᠣᠭᠠᠨ ᠤ ᠤᠯᠤᠰ ᠤᠨ ᠶᠡᠷᠦᠩᠬᠡᠢᠢᠯᠡᠭᠴᠢ ᠡᠷᠬᠢᠮᠰᠦᠭ ᠨᠣᠶᠠᠨ ᠸᠯᠠᠳᠢᠮᠢᠷ ᠸᠯᠠᠳᠢᠮᠢᠷᠣᠸᠢᠴ ᠫᠦᠲ᠋ᠢᠨ ᠳᠤ ᠮᠡᠨᠳᠦᠴᠢᠯᠡᠭᠡ ᠳᠡᠪᠰᠢᠭᠦᠯᠦᠯ᠎ᠡ᠃

 

ᠮᠡᠨᠳᠦᠴᠢᠯᠴᠭᠡᠨ ᠳᠥ᠄

ᠡᠷᠬᠢᠮ ᠬᠦᠨᠳᠦᠳᠦ ᠸᠯᠠᠳᠢᠮᠢᠷ ᠸᠯᠠᠳᠢᠮᠢᠷᠣᠸᠢᠴ᠂

 

ᠲᠠᠨ ᠤ ᠲᠦᠷᠦᠭᠰᠡᠨ ᠡᠳᠦᠷ ᠢ ᠲᠣᠬᠢᠶᠠᠯᠳᠤᠭᠤᠯᠤᠨ ᠴᠢᠩ ᠰᠡᠳᠬᠢᠯ ᠦᠨ ᠪᠠᠶᠠᠷ ᠤᠨ ᠮᠡᠨᠳᠦᠴᠢᠯᠡᠭᠡ ᠳᠡᠪᠰᠢᠭᠦᠯᠵᠦ ᠪᠤᠢ ᠢᠢ ᠬᠦᠯᠢᠶᠡᠨ ᠠᠪᠤᠨ᠎ᠠ ᠤᠤ᠃

 

ᠲᠠ ᠪᠢᠳᠡᠨ ᠦ ᠴᠢᠨ᠋ᠳᠠᠣ‍᠂ ᠸᠯᠠᠳᠢᠸᠤᠰᠲ᠋ᠣᠺ᠂ ᠪᠠᠺᠦ᠋ ᠬᠣᠲᠠ ᠨᠤᠭᠤᠳ ᠲᠤ ᠬᠢᠭ᠍ᠰᠡᠨ ᠠᠵᠢᠯ ᠬᠡᠷᠡᠭᠴᠢ ᠠᠭᠤᠯᠵᠠᠯᠲᠠ ᠨᠤᠭᠤᠳ ᠤᠨ ᠦᠷ᠎ᠡ ᠳ᠋ᠦᠩ ᠨᠢ ᠮᠣᠩᠭ᠋ᠣᠯ᠂ ᠣᠷᠣᠰ ᠤᠨ ᠤᠯᠠᠮᠵᠢᠯᠠᠯᠲᠤ ᠨᠠᠢᠢᠷᠰᠠᠭ ᠬᠠᠷᠢᠯᠴᠠᠭ᠎ᠠ᠂ ᠪᠦᠬᠦ ᠰᠠᠯᠪᠤᠷᠢ ᠢᠢᠨ ᠬᠠᠷᠢᠯᠴᠠᠨ ᠠᠰᠢᠭᠲᠠᠢ ᠬᠠᠮᠲᠤ ᠢᠢᠨ

thumbnail 18.10.03 Tuv
18.10.03 Tuv
ᠮᠣᠩᠭᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ ᠲᠥᠪ ᠠᠶᠢᠮᠠᠭ ᠳ᠋ᠠᠬᠢ ᠨᠣᠣᠰᠤ ᠂ ᠨᠣᠯᠣᠤᠷ ᠪᠣᠯᠪᠠᠰᠤᠷᠠᠭᠤᠯᠬᠤ ᠦᠢᠯᠡᠳᠪᠦᠷᠢ ᠪᠡᠷ ᠵᠣᠴᠢᠯᠠᠵᠤ᠂ ᠲᠤᠯᠭᠠᠮᠳᠠᠵᠤ ᠪᠤᠢ ᠵᠠᠷᠢᠮ ᠠᠰᠠᠭᠤᠳᠠᠯ ᠢ ᠰᠤᠨᠤᠰᠪᠠ

ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠥᠨᠥᠳᠥᠷ ᠲᠥᠪ ᠠᠢᠢᠮᠠᠭ ᠳ᠋ᠠᠬᠢ 《ᠮᠣᠭᠣᠯ ᠨᠣᠣᠰᠣ》 ᠺᠣᠮᠫᠠᠨᠢ ᠢᠢᠨ ᠤᠬᠢᠶᠠᠬᠤ᠂ ᠰᠠᠮᠨᠠᠬᠤ᠂ ᠡᠭᠡᠷᠡᠮᠡᠯ ᠤᠲᠠᠰᠤᠨ ᠤ ᠪᠣᠯᠤᠨ ᠣᠶᠣᠳᠠᠯ ᠤᠨ ᠦᠢᠯᠡᠳᠪᠦᠷᠢ ᠪᠡᠷ ᠵᠣᠴᠢᠯᠠᠵᠤ ᠨᠣᠣᠰᠣ᠂ ᠨᠣᠯᠣᠤᠷ ᠪᠣᠯᠪᠠᠰᠤᠷᠠᠭᠤᠯᠬᠤ ᠳᠤ ᠲᠤᠯᠭᠠᠮᠳᠠᠵᠤ ᠪᠤᠢ ᠠᠰᠠᠭᠤᠳᠠᠯ ᠤᠨ ᠬᠦᠷᠢᠶᠡᠨ ᠳᠥ ᠦᠢᠯᠡᠳᠪᠦᠷᠢ ᠢᠢᠨ ᠠᠵᠢᠯᠴᠢᠳ ᠲᠠᠢ ᠶᠠᠷᠢᠯᠴᠠᠪᠠ᠃

 

ᠮᠣᠩᠭ᠋ᠣᠯ ᠤᠯᠤᠰ ᠤᠨ ᠶᠡᠷᠦᠩᠬᠡᠢᠢᠯᠡᠭᠴᠢ ᠢᠢ ᠳᠠᠭᠠᠯᠳᠤᠨ ᠮᠣᠩᠭ᠋ᠣᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠵ ∙ ᠡᠩᠬᠡᠪᠣᠯᠤᠳ᠂ ᠮᠣᠩᠭ᠋ᠣᠯ ᠤᠯᠤᠰ ᠤᠨ ᠰᠠᠢᠢᠳ᠂ ᠵᠠᠰᠠᠭ ᠤᠨ ᠭᠠᠵᠠᠷ ᠤᠨ ᠬᠡᠷᠡᠭ ᠡᠷᠬᠢᠯᠡᠬᠦ ᠭᠠᠵᠠᠷ ᠤᠨ ᠳᠠᠷᠤᠭ᠎ᠠ ᠭ ∙ ᠽᠠᠨᠳᠠᠨᠰᠢᠲᠠᠷ ᠨᠠᠷ ᠮᠥᠨ ᠲᠥᠪ ᠠᠢᠢᠮᠠᠭ ᠲᠤ ᠠᠵᠢᠯᠯᠠᠭᠰᠠᠨ

thumbnail 18.10.03 Tsuglaralt
18.10.03 Tsuglaralt
ᠮᠣᠩᠭᠣᠯ ᠤᠯᠤᠰ ᠤᠨ ᠶᠡᠷᠦᠩᠬᠡᠢᠢᠯᠡᠭᠴᠢ᠂ ᠵᠡᠪᠰᠡᠭᠲᠦ ᠬᠦᠴᠦᠨ ᠦ ᠶᠡᠷᠦᠩᠬᠡᠢ ᠺᠣᠮᠠᠨ᠋ᠳ᠋ᠯᠠᠭᠴᠢ ᠬ ∙ ᠪᠠᠲᠤᠲᠤᠯᠭ᠎ᠠ ᠵᠡᠪᠰᠡᠭᠲᠦ ᠬᠦᠴᠦᠨ ᠦ ᠤᠳᠤᠷᠢᠳᠬᠤ ᠪᠦᠷᠢᠯᠳᠦᠬᠦᠨ ᠦ ᠵᠢᠭᠠᠬᠤ ᠠᠷᠭ᠎ᠠ ᠶᠢᠨ ᠴᠤᠭᠯᠠᠷᠠᠯᠲᠠ ᠶᠢ ᠨᠡᠭᠡᠭᠡᠵᠦ ᠦᠭᠡ ᠬᠡᠯᠡᠪᠡ

ᠵᠡᠪᠰᠡᠭᠲᠦ ᠬᠦᠴᠦᠨ ᠦ ᠤᠳᠤᠷᠢᠳᠬᠤ ᠪᠦᠷᠢᠯᠳᠦᠬᠦᠨ ᠦ ᠵᠢᠭᠠᠬᠤ ᠠᠷᠭ᠎ᠠ ᠵᠦᠢ ᠢᠢᠨ ᠴᠤᠭᠯᠠᠷᠠᠯᠳᠤ ᠪᠣᠯᠤᠨ ᠵᠡᠪᠰᠡᠭᠲᠦ ᠬᠦᠴᠦᠨ ᠦ 345 ᠳ᠋ᠤᠭᠠᠷ ᠪᠷᠢᠭᠠᠳ᠋ ᠳᠤ ᠪᠠᠢᠢᠯᠳᠤᠭᠠᠨ ᠤ ᠲᠤᠭ ᠭᠠᠷᠳᠠᠭᠤᠯᠬᠤ ᠶᠣᠰᠣᠯᠠᠯ ᠤᠨ ᠠᠵᠢᠯᠯᠠᠭ᠎ᠠ ᠲᠠᠪᠤᠨᠲᠣᠯᠣᠭᠠᠢ ᠳ᠋ᠠᠬᠢ ᠵᠡᠪᠰᠡᠭᠲᠦ ᠬᠦᠴᠦᠨ ᠦ 311  ᠳᠦᠭᠡᠷ ᠠᠩᠭᠢ ᠳᠤ ᠵᠣᠬᠢᠶᠠᠨ ᠪᠠᠢᠢᠭᠤᠯᠤᠭᠳᠠᠵᠤ ᠪᠠᠢᠢᠨ᠎ᠠ᠃

 

ᠳᠡᠭᠡᠷᠡᠬᠢ ᠶᠣᠰᠣᠯᠠᠯ ᠤᠨ ᠠᠷᠭ᠎ᠠ ᠬᠡᠮᠵᠢᠶᠡᠨ ᠳᠥ ᠣᠷᠣᠯᠴᠠᠭᠰᠠᠨ ᠮᠣᠩᠭ᠋ᠣᠯ ᠤᠯᠤᠰ ᠤᠨ ᠶᠡᠷᠦᠩᠬᠡᠢᠢᠯᠡᠭᠴᠢ᠂ ᠵᠡᠪᠰᠡᠭᠲᠦ ᠬᠦᠴᠦᠨ ᠦ ᠶᠡᠷᠦᠩᠬᠡᠢ ᠺᠣᠮᠠᠨ᠋ᠳ᠋ᠯᠠᠭᠴᠢ ᠬ ∙ ᠪᠠᠲᠤᠲᠤᠯᠭ᠎ᠠ ᠵᠡᠪᠰᠡᠭᠲᠦ ᠬᠦᠴᠦᠨ ᠦ ᠰᠤᠷᠭᠠᠯᠲᠠ ᠢᠢᠨ ᠨᠢᠭᠡᠳᠦᠭᠰᠡᠨ ᠲᠥᠪ ᠳᠦ ᠪᠣᠯᠵᠤ ᠪᠤᠢ ᠵᠡᠪᠰᠡᠭᠲᠦ ᠬᠦᠴᠦᠨ ᠦ ᠤᠳᠤᠷᠢᠳᠬᠤ ᠪᠦᠷᠢᠯᠳᠦᠬᠦᠨ ᠦ ᠵᠢᠭᠠᠬᠤ ᠠᠷᠭ᠎ᠠ ᠵᠦᠢ ᠢᠢᠨ ᠴᠤᠭᠯᠠᠷᠠᠯᠲᠠ ᠢᠢ ᠨᠡᠭᠡᠭᠡᠵᠦ

thumbnail 18.10.03 Tsereg
18.10.03 Tsereg
ᠮᠣᠩᠭᠣᠯ ᠤᠯᠤᠰ ᠤᠨ ᠶᠡᠷᠦᠩᠬᠡᠶᠢᠯᠡᠭᠴᠢ᠂ ᠵᠡᠪᠰᠡᠭᠲᠦ ᠬᠦᠴᠦᠨ ᠦ ᠶᠡᠷᠦᠩᠬᠡᠢ ᠺᠣᠮᠠᠨ᠋ᠳ᠋ᠯᠠᠭᠴᠢ ᠬ ∙ ᠪᠠᠲᠤᠲᠤᠯᠭ᠎ᠠ ᠵᠡᠪᠰᠡᠭᠲᠦ ᠬᠦᠴᠦᠨ ᠦ 345 ᠳ᠋ᠤᠭᠠᠷ ᠪᠷᠢᠭᠠᠳ᠋ ᠳᠤ ᠪᠠᠶᠢᠯᠳᠤᠭᠠᠨ ᠤ ᠲᠤᠭ ᠭᠠᠷᠳᠠᠭᠤᠯᠤᠯ᠎ᠠ

ᠲᠠᠪᠤᠨ ᠲᠣᠯᠣᠭᠠᠢ ᠳ᠋ᠠᠬᠢ ᠵᠡᠪᠰᠡᠭᠲᠦ ᠬᠦᠴᠦᠨ ᠦ ᠰᠤᠷᠭᠠᠯᠲᠠ ᠢᠢᠨ ᠲᠥᠪ ᠦᠨ ᠪᠠᠢᠢᠷᠢᠯᠠᠯ ᠢ ᠲᠦᠰᠢᠭᠯᠡᠨ 2016 ᠣᠨ ᠤ ᠲᠠᠪᠤᠳᠤᠭᠠᠷ ᠰᠠᠷ᠎ᠠ ᠠᠴᠠ ᠦᠢᠯᠡ ᠠᠵᠢᠯᠯᠠᠭ᠎ᠠ ᠪᠠᠨ ᠶᠠᠪᠤᠭᠤᠯᠵᠤ ᠡᠬᠢᠯᠡᠭᠰᠡᠨ ᠵᠡᠪᠰᠡᠭᠲᠦ ᠬᠦᠴᠦᠨ ᠦ 345 ᠳ᠋ᠤᠭᠠᠷ ᠪᠷᠢᠭᠠᠳ᠋ ᠳᠤ ᠪᠠᠢᠢᠯᠳᠤᠭᠠᠨ ᠤ ᠲᠤᠭ ᠭᠠᠷᠳᠠᠭᠤᠯᠬᠤ ᠶᠣᠰᠣᠯᠠᠯ ᠤᠨ ᠠᠵᠢᠯᠯᠠᠭ᠎ᠠ ᠥᠨᠥᠳᠥᠷ ᠪᠣᠯᠤᠯ᠎ᠠ᠃

 

ᠲᠠᠪᠤᠨ ᠲᠣᠯᠣᠭᠠᠢ ᠳ᠋ᠠᠬᠢ ᠵᠡᠪᠰᠡᠭᠲᠦ ᠬᠦᠴᠦᠨ ᠦ 311  ᠳᠦᠭᠡᠷ ᠠᠩᠭᠢ ᠳᠤ ᠪᠣᠯᠤᠭᠰᠠᠨ ᠶᠣᠰᠣᠯᠠᠯ ᠤᠨ ᠠᠷᠭ᠎ᠠ ᠬᠡᠮᠵᠢᠶᠡᠨ ᠳᠥ ᠮᠣᠩᠭ᠋ᠣᠯ ᠤᠯᠤᠰ ᠤᠨ ᠶᠡᠷᠦᠩᠬᠡᠢᠢᠯᠡᠭᠴᠢ᠂ ᠵᠡᠪᠰᠡᠭᠲᠦ ᠬᠦᠴᠦᠨ ᠦ ᠶᠡᠷᠦᠩᠬᠡᠢ ᠺᠣᠮᠠᠨ᠋ᠳ᠋ᠯᠠᠭᠴᠢ ᠬ ∙ ᠪᠠᠲᠤᠲᠤᠯᠭ᠎ᠠ᠂ ᠮᠣᠩᠭ᠋ᠣᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠵ ∙ ᠡᠩᠬᠡᠪᠣᠯᠤᠳ᠂ ᠪᠠᠲᠤᠯᠠᠨ

thumbnail 18.10.02 Japan
18.10.02 Japan
ᠮᠣᠩᠭᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ ᠶᠠᠫᠣᠨ ᠤᠯᠤᠰ ᠤᠨ ᠫᠠᠷᠯᠠᠮᠧᠨ᠋ᠲ ᠤᠨ ᠵᠥᠪᠯᠡᠬᠦ ᠨᠦᠭᠦᠳ ᠦᠨ ᠲᠠᠩᠬᠢᠮ ᠤᠨ ᠭᠡᠰᠢᠭᠦᠳ ᠢ ᠬᠦᠯᠢᠶᠡᠨ ᠠᠪᠴᠤ ᠠᠭᠤᠯᠵᠠᠪᠠ

ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠥᠨᠥᠳᠥᠷ ᠮᠣᠩᠭ᠋ᠣᠯ ᠤᠯᠤᠰ ᠲᠤ ᠠᠵᠢᠯ ᠤᠨ ᠠᠢᠢᠯᠴᠢᠯᠠᠯ ᠬᠢᠵᠦ ᠪᠠᠢᠢᠭ᠎ᠠ ᠶᠠᠫᠣᠨ ᠤᠯᠤᠰ ᠤᠨ ᠫᠠᠷᠯᠠᠮᠧᠨ᠋ᠲ ᠤᠨ ᠵᠥᠪᠯᠡᠬᠦ ᠨᠦᠭᠦᠳ ᠦᠨ ᠲᠠᠩᠬᠢᠮ ᠤᠨ ᠭᠡᠰᠢᠭᠦᠳ ᠢ ᠬᠦᠯᠢᠶᠡᠨ ᠠᠪᠴᠤ ᠠᠭᠤᠯᠵᠠᠯ᠎ᠠ᠃

 

ᠠᠭᠤᠯᠵᠠᠯᠲᠠ ᠢᠢᠨ ᠡᠬᠢᠨ ᠳᠥ ᠶᠠᠫᠣᠨ ᠤᠯᠤᠰ ᠤᠨ ᠫᠠᠷᠯᠠᠮᠧᠨ᠋ᠲ ᠤᠨ ᠵᠥᠪᠯᠡᠬᠦ ᠨᠦᠭᠦᠳ ᠦᠨ ᠲᠠᠩᠬᠢᠮ ᠤᠨ ᠳᠡᠳ᠋ ᠳᠠᠷᠤᠭ᠎ᠠ ᠨᠣᠶᠠᠨ ᠭᠦᠨᠵᠢ ᠠᠺᠢᠷᠠ ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠳᠤ ᠬᠠᠨᠳᠤᠨ ᠴᠠᠭ ᠵᠠᠪ ᠭᠠᠷᠭᠠᠨ ᠬᠦᠯᠢᠶᠡᠨ ᠠᠪᠴᠤ ᠠᠭᠤᠯᠵᠠᠭᠰᠠᠨ ᠳᠤ ᠲᠠᠯᠠᠷᠬᠠᠯ ᠢᠶᠠᠨ ᠢᠯᠡᠷᠬᠡᠢᠢᠯᠡᠯ᠎ᠡ᠃ ᠮᠥᠨ ᠶᠠᠫᠣᠨ ᠤᠯᠤᠰ ᠲᠤ ᠪᠠᠢᠢᠭᠠᠯᠢ ᠢᠢᠨ ᠭᠠᠮᠰᠢᠭ ᠲᠣᠬᠢᠶᠠᠬᠤ ᠦᠶ᠎ᠡ ᠪᠡᠷ ᠮᠣᠩᠭ᠋ᠣᠯ ᠤᠨ ᠵᠠᠰᠠᠭ ᠤᠨ ᠭᠠᠵᠠᠷ᠂ ᠠᠷᠠᠳ ᠲᠦᠮᠡᠨ

thumbnail 18.10.02 Russneft
18.10.02 Russneft
ᠮᠣᠩᠭᠣᠯ ᠤᠯᠤᠰ ᠤᠨ ᠶᠡᠷᠦᠩᠬᠡᠶᠢᠯᠡᠭᠴᠢ ᠶᠢᠨ ᠲᠠᠮᠠᠭ᠎ᠠ ᠶᠢᠨ ᠭᠠᠵᠠᠷ ᠤᠨ ᠳᠠᠷᠤᠭ᠎ᠠ ᠵ ∙ ᠡᠩᠬᠡᠪᠣᠯᠤᠳ 《ᠷᠣᠰᠣᠨᠧᠹᠲ᠋ᠢ》 ᠨᠡᠶᠢᠭᠡᠮᠯᠢᠭ ᠦᠨ ᠤᠳᠤᠷᠢᠳᠤᠯᠭ᠎ᠠ ᠨᠤᠭᠤᠳ ᠢ ᠬᠦᠯᠢᠶᠡᠨ ᠠᠪᠴᠤ ᠠᠭᠤᠯᠵᠠᠯ᠎ᠠ

ᠮᠣᠩᠭ᠋ᠣᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠵ ∙ ᠡᠩᠬᠡᠪᠣᠯᠤᠳ ᠥᠨᠥᠳᠥᠷ 《ᠷᠣᠰᠣᠨᠧᠹᠲ᠋ᠢ》 ᠨᠡᠭᠡᠭᠡᠯᠲᠡᠲᠡᠢ ᠬᠤᠪᠢᠴᠠᠭᠠᠲᠤ ᠨᠡᠢᠢᠭᠡᠮᠯᠢᠭ᠌ ᠦᠨ ᠲᠡᠷᠢᠭᠦᠨ ᠳᠡᠳ᠋ ᠶᠡᠷᠦᠩᠬᠡᠢᠢᠯᠡᠭᠴᠢ ᠹᠶᠣᠳᠣᠷᠣᠸ ᠫ.ᠰ᠂ ᠪᠣᠯᠤᠨ ᠲᠤᠰ ᠺᠣᠮᠫᠠᠨᠢ ᠢᠢᠨ ᠳᠡᠳ᠋ ᠶᠡᠷᠦᠩᠬᠡᠢᠢᠯᠡᠭᠴᠢ ᠺᠠᠷᠢᠮᠣᠸ ᠣ.ᠺ᠂ ᠬᠦᠮᠦᠨ ᠦ ᠨᠥᠭᠡᠴᠡ᠂ ᠨᠡᠢᠢᠭᠡᠮ ᠤᠨ ᠠᠰᠠᠭᠤᠳᠠᠯ ᠬᠠᠷᠢᠭᠤᠴᠠᠭᠰᠠᠨ ᠳᠡᠳ᠋ ᠶᠡᠷᠦᠩᠬᠡᠢᠢᠯᠡᠭᠴᠢ ᠺᠠᠯᠢᠨᠢᠨ ᠶᠦ‍.ᠢ‍᠂ ᠶᠡᠷᠦᠩᠬᠡᠢ ᠭᠧᠣᠯᠣᠭᠢᠴᠢ ᠯᠠᠽᠧᠸ ᠠ‍.ᠨ ᠨᠠᠷ ᠢ ᠬᠦᠯᠢᠶᠡᠨ ᠠᠪᠴᠤ ᠠᠭᠤᠯᠵᠠᠯ᠎ᠠ᠃

 

ᠠᠭᠤᠯᠵᠠᠯᠲᠠ ᠢᠢᠨ ᠡᠬᠢᠨ ᠳᠥ 《ᠷᠣᠰᠣᠨᠧᠹᠲ᠋ᠢ》 ᠨᠡᠭᠡᠭᠡᠯᠲᠡᠲᠡᠢ ᠬᠤᠪᠢᠴᠠᠭᠠᠲᠤ ᠨᠡᠢᠢᠭᠡᠮᠯᠢᠭ᠌ ᠦᠨ ᠤᠳᠤᠷᠢᠳᠤᠯᠭ᠎ᠠ ᠨᠤᠭᠤᠳ ᠮᠣᠩᠭ᠋ᠣᠯ ᠤᠯᠤᠰ ᠲᠤ ᠬᠢᠵᠦ ᠪᠤᠢ ᠠᠢᠢᠯᠴᠢᠯᠠᠯ ᠤᠨ ᠢᠶᠠᠨ ᠲᠠᠯ᠎ᠠ ᠪᠠᠷ ᠵ ∙ ᠡᠩᠬᠡᠪᠣᠯᠤᠳ ᠳᠠᠷᠤᠭ᠎ᠠ ᠳᠤ ᠲᠠᠨᠢᠯᠴᠠᠭᠤᠯᠤᠭᠰᠠᠨ