Та "Internet explorer"-ийн сүүлийн хувилбар болох "Microsoft edge"-г ашиглана уу

Хэрэв "Microsoft edge"-г татах бол энд дарж татаж авна уу

thumbnail 18.5.17 Malchin3
18.5.17 Malchin3
ᠮᠣᠩᠭᠣᠯ ᠤᠯᠤᠰ ᠤᠨ ᠶᠡᠷᠦᠩᠬᠡᠶᠢᠯᠡᠭᠴᠢ ᠬᠠ‍᠂ᠪᠠᠲᠤᠲᠤᠯᠭ᠎ᠠ ᠮᠠᠯᠴᠢᠳ ᠤᠨ ᠤᠯᠤᠰ ᠤᠨ ᠵᠥᠪᠯᠡᠭᠡᠨ ᠢ ᠨᠡᠭᠡᠭᠡᠵᠦ ᠦᠭᠡ ᠬᠡᠯᠡᠪᠡ

 

ᠮᠣᠩᠭ᠋ᠣᠯ ᠤᠯᠤᠰ ᠤᠨ ᠶᠡᠷᠦᠩᠬᠡᠢᠢᠯᠡᠭᠴᠢ ᠬᠠ‍᠂ᠪᠠᠲᠤᠲᠤᠯᠭ᠎ᠠ ᠥᠨᠥᠳᠥᠷ ᠲᠥᠷᠥ ᠢᠢᠨ ᠣᠷᠳᠣᠨ ᠤ ᠶᠡᠬᠡ ᠲᠠᠩᠬᠢᠮ ᠳᠤ ᠪᠣᠯᠵᠤ ᠪᠤᠢ 《ᠮᠠᠯ ᠠᠵᠤ ᠠᠬᠤᠢ ᠢᠢᠨ ᠲᠣᠭᠲᠠᠪᠤᠷᠢᠲᠠᠢ ᠬᠥᠭ᠍ᠵᠢᠯ-2018》 ᠮᠠᠯᠴᠢᠳ ᠤᠨ ᠤᠯᠤᠰ ᠤᠨ ᠵᠥᠪᠯᠡᠭᠡᠨ ᠢ ᠨᠡᠭᠡᠭᠡᠵᠦ ᠦᠭᠡ ᠬᠡᠯᠡᠯ᠎ᠡ᠃

 

ᠵᠥᠪᠯᠡᠭᠡᠨ ᠳᠥ ᠮᠠᠯ ᠠᠵᠤ ᠠᠬᠤᠢ ᠢᠢᠨ ᠰᠠᠯᠪᠤᠷᠢ ᠳᠤ ᠠᠵᠢᠯᠯᠠᠵᠤ ᠪᠤᠢ 150 ᠭᠠᠷᠤᠢ ᠡᠷᠳᠡᠮᠲᠡᠨ᠂ ᠮᠡᠷᠭᠡᠵᠢᠯᠲᠡᠨ ᠨᠦᠭᠦᠳ᠂ ᠤᠯᠤᠰ ᠤᠨ ᠥᠨᠴᠥᠭ ᠪᠤᠯᠤᠨ ᠪᠦᠷᠢ ᠡᠴᠡ ᠬᠦᠷᠦᠯᠴᠡᠨ ᠢᠷᠡᠭᠰᠡᠨ 700 ᠭᠠᠷᠤᠢ ᠮᠠᠯᠴᠢᠨ ᠣᠷᠣᠯᠴᠠᠵᠤ ᠪᠠᠢᠢᠨ᠎ᠠ᠃ ᠵᠥᠪᠯᠡᠭᠡᠨ ᠢᠶᠡᠷ ᠮᠠᠯ ᠠᠵᠤ ᠠᠬᠤᠢ ᠢᠢᠨ ᠰᠠᠯᠪᠤᠷᠢ ᠢᠢᠨ ᠰᠠᠭᠤᠷᠢ ᠬᠠᠤᠯᠢ ᠨᠤᠭᠤᠳ ᠢ ᠬᠡᠷᠡᠭᠵᠢᠭᠦᠯᠬᠦ ᠳᠥ ᠠᠪᠴᠤ ᠬᠡᠷᠡᠭᠵᠢᠭᠦᠯᠬᠦ ᠠᠷᠭ᠎ᠠ ᠬᠡᠮᠵᠢᠶ᠎ᠡ᠂ ᠪᠡᠯᠴᠢᠭᠡᠷ ᠦᠨ ᠲᠤᠬᠠᠢ ᠬᠠᠤᠯᠢ᠂ ᠪᠡᠯᠴᠢᠭᠡᠷ ᠦᠨ ᠲᠥᠯᠥᠪᠦᠷᠢ᠂

thumbnail 18.5.16 Aris
18.5.16 Aris
ᠮᠣᠩᠭᠣᠯ ᠤᠯᠤᠰ ᠤᠨ ᠶᠡᠷᠦᠩᠬᠡᠶᠢᠯᠡᠭᠴᠢ ᠬᠠ‍᠂ᠪᠠᠲᠤᠲᠤᠯᠭ᠎ᠠ ᠠᠷᠠᠰᠤ ᠰᠢᠷ ᠪᠣᠯᠪᠠᠰᠤᠷᠠᠭᠤᠯᠬᠤ ᠪᠣᠯᠤᠨ ᠠᠷᠠᠰᠤ ᠰᠢᠷᠦᠨ ᠪᠦᠲᠦᠭᠡᠭᠳᠡᠬᠦᠨ ᠦᠢᠯᠡᠳᠪᠦᠷᠢᠯᠡᠭᠴᠢᠳ ᠦᠨ ᠲᠥᠯᠥᠭᠡᠯᠡᠯ ᠲᠡᠢ ᠠᠭᠤᠯᠵᠠᠯ᠎ᠠ

ᠮᠣᠩᠭ᠋ᠣᠯ ᠤᠯᠤᠰ ᠤᠨ ᠶᠡᠷᠦᠩᠬᠡᠢᠢᠯᠡᠭᠴᠢ ᠬᠠ‍᠂ᠪᠠᠲᠤᠲᠤᠯᠭ᠎ᠠ ᠥᠨᠥᠳᠥᠷ ᠬᠠᠨ-ᠠᠭᠤᠯᠠ ᠳᠡᠭᠦᠷᠭᠡ ᠳᠥ ᠪᠠᠢᠢᠷᠢᠯᠠᠬᠤ ᠠᠷᠠᠰᠤ ᠰᠢᠷ ᠪᠣᠯᠪᠠᠰᠤᠷᠠᠭᠤᠯᠬᠤ ᠪᠣᠯᠤᠨ ᠠᠷᠠᠰᠤ ᠰᠢᠷᠦᠨ ᠪᠦᠲᠦᠭᠡᠭ᠍ᠳᠡᠬᠦᠨ ᠦᠢᠯᠡᠳᠪᠦᠷᠢᠯᠡᠭᠴᠢᠳ ᠦᠨ ᠲᠥᠯᠥᠭᠡᠯᠡᠯ ᠲᠡᠢ ᠠᠭᠤᠯᠵᠠᠵᠤ᠂ ᠦᠢᠯᠡᠳᠪᠦᠷᠢ ᠢᠢᠨ ᠦᠢᠯᠡ ᠠᠵᠢᠯᠯᠠᠭ᠎ᠠ ᠲᠠᠢ ᠲᠠᠨᠢᠯᠴᠠᠯ᠎ᠠ᠃

ᠮᠣᠩᠭ᠋ᠣᠯ ᠤᠯᠤᠰ ᠤᠨ ᠶᠡᠷᠦᠩᠬᠡᠢᠢᠯᠡᠭᠴᠢ ᠬᠠ‍᠂ᠪᠠᠲᠤᠲᠤᠯᠭ᠎ᠠ ᠡᠬᠢᠯᠡᠭᠡᠳ 《ᠮᠣᠩ-ᠢᠷᠡᠭᠡᠳᠦᠢ》 ᠺᠣᠮᠫᠠᠨᠢ ᠢᠢᠨ ᠦᠢᠯᠡᠳᠪᠦᠷᠢ ᠢᠢᠨ ᠪᠠᠢᠢᠷᠢ ᠪᠠᠷ ᠣᠷᠣᠵᠤ᠂ ᠡᠴᠦᠰ ᠦᠨ ᠪᠦᠲᠦᠭᠡᠭ᠍ᠳᠡᠬᠦᠨ ᠪᠣᠯᠤᠭᠠᠳ ᠪᠦᠲᠦᠭᠡᠭ᠍ᠳᠡᠬᠦᠨ ᠦᠢᠯᠡᠳᠪᠦᠷᠢᠯᠡᠬᠦ ᠶᠠᠪᠤᠴᠠ ᠢᠢ ᠦᠵᠡᠪᠡ᠃ ᠦᠢᠯᠡᠳᠪᠦᠷᠢ ᠢᠢᠨ ᠵᠠᠬᠢᠷᠤᠯ ᠠ᠊᠂ᠭᠠᠩᠪᠢᠯᠢᠭ᠌ ᠤᠨ ᠲᠠᠨᠢᠯᠴᠠᠭᠤᠯᠤᠭᠰᠠᠨ ᠢᠶᠠᠷ ᠦᠢᠯᠡᠳᠪᠦᠷᠢ ᠨᠢ ᠠᠷᠠᠰᠤ ᠰᠢᠷᠦᠨ ᠦ ᠰᠠᠯᠪᠤᠷᠢ ᠳᠤ ᠣᠯᠭᠤᠭᠰᠠᠨ ᠵᠡᠭᠡᠯᠢ ᠢᠢᠨ ᠦᠷ᠎ᠡ ᠥᠭ᠍ᠭᠦᠭᠡᠵᠢ ᠪᠡᠷ ᠳᠣᠲᠣᠭᠠᠳᠤ ᠢᠢᠨ ᠴᠡᠷᠢᠭ᠂ ᠴᠠᠭᠳᠠᠭ᠎ᠠ ᠢᠢᠨ ᠬᠤᠪᠴᠠᠰᠤ᠂ ᠭᠤᠲᠤᠯ ᠦᠢᠯᠡᠳᠪᠦᠷᠢᠯᠡᠵᠦ ᠪᠠᠢᠢᠭ᠎ᠠ ᠶᠤᠮ ᠪᠠᠢᠢᠨ᠎ᠠ᠃

thumbnail 18.4.07 Tusgaar
18.4.07 Tusgaar
ᠶᠡᠷᠦᠩᠬᠡᠶᠢᠯᠡᠭᠴᠢ ᠳᠦ ᠵᠠᠬᠢᠳᠠᠯ ᠪᠢᠴᠢᠭᠡᠷᠡᠢ

ᠮᠣᠩᠭ᠋ᠣᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ᠂ 《ᠰᠠᠢᠢᠨ ᠬᠥᠷᠰᠢ ᠨᠦᠭᠦᠳ》 ᠣᠯᠠᠨ ᠤᠯᠤᠰ ᠤᠨ ᠲᠥᠷᠥ ᠢᠢᠨ ᠪᠤᠰᠤ ᠪᠠᠢᠢᠭᠤᠯᠤᠯᠭ᠎ᠠ ᠢᠢᠨ ᠮᠣᠩᠭ᠋ᠣᠯ ᠳ᠋ᠠᠬᠢ ᠲᠥᠯᠥᠭᠡᠯᠡᠭᠴᠢ ᠢᠢᠨ ᠭᠠᠵᠠᠷ᠂ ᠰᠤᠷᠭᠠᠭᠤᠯᠢ ᠢᠢᠨ ᠨᠡᠢᠢᠭᠡᠮ ᠤᠨ ᠠᠵᠢᠯᠲᠠᠨ ᠨᠤᠭᠤᠳ ᠤᠨ ᠨᠡᠢᠢᠭᠡᠮᠯᠢᠭ᠌ ᠬᠠᠮᠲᠤᠷᠠᠨ ᠣᠯᠠᠨ ᠤᠯᠤᠰ ᠤᠨ ᠬᠡᠦᠬᠡᠳ ᠦᠨ ᠡᠷᠬᠡ ᠢᠢ ᠬᠠᠮᠠᠭᠠᠯᠠᠬᠤ ᠡᠳᠦᠷ ᠢ ᠤᠭᠲᠤᠨ 《ᠶᠡᠷᠦᠩᠬᠡᠢᠢᠯᠡᠭᠴᠢ ᠳᠥ ᠬᠦᠷᠭᠡᠬᠦ ᠮᠢᠨᠦ ᠦᠭᠡ》 ᠠᠶᠠᠨ ᠢ ᠡᠬᠢᠯᠡᠭᠦᠯᠦᠯ᠎ᠡ᠃

 

ᠠᠶᠠᠨ 2018 ᠣᠨ ᠤ ᠲᠠᠪᠤᠳᠤᠭᠠᠷ ᠰᠠᠷ᠎ᠠ ᠢᠢᠨ 15-25 ᠍ ᠤ ᠡᠳᠦᠷ ᠢ ᠬᠦᠷᠲᠡᠯ᠎ᠡ ᠦᠷᠭᠦᠯᠵᠢᠯᠡᠬᠦ ᠪᠥᠭᠡᠳ 6-18 ᠬᠦᠷᠲᠡᠯᠡᠬᠢ ᠨᠠᠰᠤᠨ ᠤ ᠬᠡᠦᠬᠡᠳ ᠦᠳ ᠵᠠᠬᠢᠳᠠᠯ ᠪᠢᠴᠢᠬᠦ᠂ ᠭᠠᠷ ᠵᠢᠷᠤᠭ ᠵᠤᠷᠠᠬᠤ ᠬᠡᠯᠪᠡᠷᠢ ᠪᠡᠷ ᠣᠷᠣᠯᠴᠠᠬᠤ ᠪᠣᠯᠤᠮᠵᠢ ᠲᠠᠢ᠃

 

《ᠶᠡᠷᠦᠩᠬᠡᠢᠢᠯᠡᠭᠴᠢ ᠳᠥ ᠬᠦᠷᠭᠡᠬᠦ ᠮᠢᠨᠤ ᠦᠭᠡ》 ᠠᠶᠠᠨ ᠤ

thumbnail 18.5.14 Tuva
18.5.14 Tuva
ᠮᠣᠩᠭᠣᠯ ᠤᠯᠤᠰ ᠤᠨ ᠶᠡᠷᠦᠩᠬᠡᠶᠢᠯᠡᠭᠴᠢ ᠬᠠ‍᠂ ᠪᠠᠲᠤᠲᠤᠯᠭ᠎ᠠ ᠣᠷᠣᠰ ᠤᠨ ᠬᠣᠯᠪᠣᠭᠠᠨ ᠤ ᠤᠯᠤᠰ ᠤᠨ ᠪᠦᠭᠦᠳᠡ ᠨᠠᠶᠢᠷᠠᠮᠳᠠᠬᠤ ᠲᠤᠢᠸᠠ ᠤᠯᠤᠰ ᠤᠨ ᠲᠡᠷᠢᠭᠦᠨ ᠱᠣᠯᠪᠠᠨ ᠸᠠᠯᠧᠷᠧᠸᠢᠴ ᠺᠠᠷᠠ-ᠣᠣᠯ ᠢ ᠬᠦᠯᠢᠶᠡᠨ ᠠᠪᠴᠤ ᠠᠭᠤᠯᠵᠠᠯ᠎ᠠ

ᠮᠣᠩᠭ᠋ᠣᠯ ᠤᠯᠤᠰ ᠤᠨ ᠶᠡᠷᠦᠩᠬᠡᠢᠢᠯᠡᠭᠴᠢ ᠬᠠ‍᠂ᠪᠠᠲᠤᠲᠤᠯᠭ᠎ᠠ ᠥᠨᠥᠳᠥᠷ ᠣᠷᠣᠰ ᠤᠨ ᠬᠣᠯᠪᠣᠭᠠᠨ ᠤ ᠤᠯᠤᠰ ᠤᠨ ᠪᠦᠭᠦᠳᠡ ᠨᠠᠢᠢᠷᠠᠮᠳᠠᠬᠤ ᠲᠤᠸᠠ ᠤᠯᠤᠰ ᠤᠨ ᠲᠡᠷᠢᠭᠦᠨ ᠱᠣᠯᠪᠠᠨ ᠸᠠᠯᠧᠷᠸᠢᠴ ᠺᠠᠷᠠ-ᠣᠣᠯ ᠢ ᠬᠦᠯᠢᠶᠡᠨ ᠠᠪᠴᠤ ᠠᠭᠤᠯᠵᠠᠵᠤ᠂ ᠬᠠᠮᠲᠤ ᠢᠢᠨ ᠠᠵᠢᠯᠯᠠᠭᠠᠨ ᠤ ᠲᠠᠯ᠎ᠠ ᠪᠠᠷ ᠰᠠᠨᠠᠯ ᠰᠣᠯᠢᠯᠴᠠᠯ᠎ᠠ᠃

ᠮᠣᠩᠭ᠋ᠣᠯ ᠤᠯᠤᠰ ᠲᠤ ᠠᠢᠢᠯᠴᠢᠯᠠᠵᠤ ᠪᠠᠢᠢᠭ᠎ᠠ ᠣᠷᠣᠰ ᠤᠨ ᠬᠣᠯᠪᠣᠭᠠᠨ ᠤ ᠤᠯᠤᠰ ᠤᠨ ᠪᠦᠭᠦᠳᠡ ᠨᠠᠢᠢᠷᠠᠮᠳᠠᠬᠤ ᠲᠤᠢᠸᠠ ᠤᠯᠤᠰ ᠤᠨ ᠲᠡᠷᠢᠭᠦᠨ ᠱᠣᠯᠪᠠᠨ ᠸᠠᠯᠧᠷᠧᠸᠢᠴ ᠺᠠᠷᠠ-ᠣᠣᠯ ᠮᠣᠩᠭ᠋ᠣᠯ ᠤᠯᠤᠰ ᠤᠨ ᠶᠡᠷᠦᠩᠬᠡᠢᠢᠯᠡᠭᠴᠢ ᠬᠠ‍᠂ ᠪᠠᠲᠤᠲᠤᠯᠭ᠎ᠠ ᠳᠤ ᠴᠠᠭ ᠭᠠᠷᠭᠠᠨ ᠬᠦᠯᠢᠶᠡᠨ ᠠᠪᠴᠤ ᠠᠭᠤᠯᠵᠠᠭᠰᠠᠨ ᠳᠤ ᠨᠢ ᠲᠠᠯᠠᠷᠬᠠᠯ ᠢᠯᠡᠷᠬᠡᠢᠢᠯᠡᠪᠡ᠃ ᠬᠣᠶᠠᠷ ᠤᠯᠤᠰ ᠤᠨ ᠬᠠᠮᠲᠤ ᠢᠢᠨ ᠠᠵᠢᠯᠯᠠᠭ᠎ᠠ ᠢᠢ ᠢᠳᠡᠪᠬᠢᠵᠢᠭᠦᠯᠵᠦ᠂ ᠵᠠᠮ ᠲᠡᠭᠡᠭᠡᠪᠦᠷᠢ ᠢᠢᠨ ᠪᠣᠯᠤᠨ ᠦᠢᠯᠡᠳᠪᠦᠷᠢᠯᠡᠯ᠂

thumbnail 18.5.14 Business
18.5.14 Business
ᠮᠣᠩᠭᠣᠯ ᠤᠯᠤᠰ ᠤᠨ ᠶᠡᠷᠦᠩᠬᠡᠶᠢᠯᠡᠭᠴᠢ ᠬᠠ‍᠂ᠪᠠᠲᠤᠲᠤᠯᠭ᠎ᠠ ᠪᠢᠽᠢᠨᠧᠰ ᠡᠷᠬᠢᠯᠡᠭᠴᠢ ᠡᠮᠡᠭᠲᠡᠶᠢᠴᠦᠳ ᠦᠨ ᠲᠥᠯᠥᠭᠡᠯᠡᠯ ᠲᠡᠢ ᠠᠭᠤᠯᠵᠠᠯ᠎ᠠ

ᠮᠣᠩᠭ᠋ᠣᠯ ᠤᠯᠤᠰ ᠤᠨ ᠶᠡᠷᠦᠩᠬᠡᠢᠢᠯᠡᠭᠴᠢ ᠬᠠ‍᠂ᠪᠠᠲᠤᠲᠤᠯᠭ᠎ᠠ ᠥᠨᠥᠳᠥᠷ ᠪᠢᠽᠢᠨ᠋᠋ᠧᠰ ᠡᠷᠬᠢᠯᠡᠭᠴᠢ ᠡᠮᠡᠭᠲᠡᠢᠢᠴᠦᠳ ᠦᠨ ᠲᠥᠪ ᠦᠨ ᠦᠢᠯᠡ ᠠᠵᠢᠯᠯᠠᠭ᠎ᠠ ᠲᠠᠢ ᠲᠠᠨᠢᠯᠴᠠᠵᠤ᠂ ᠲᠥᠰᠥᠯ ᠳᠥ ᠬᠠᠮᠤᠷᠤᠭᠳᠠᠵᠤ ᠪᠠᠢᠢᠭ᠎ᠠ ᠪᠢᠽᠢᠨ᠋᠋ᠧᠰ ᠡᠷᠬᠢᠯᠡᠭᠴᠢ ᠡᠮᠡᠭᠲᠡᠢᠢᠴᠦᠳ ᠦᠨ ᠵᠠᠬ᠎ᠠ ᠵᠡᠭᠡᠯᠢ ᠳᠥ ᠪᠣᠷᠣᠯᠠᠭᠤᠯᠵᠤ ᠪᠠᠢᠢᠭ᠎ᠠ ᠪᠣᠯᠤᠨ ᠪᠣᠷᠣᠯᠠᠭᠤᠯᠬᠤ ᠪᠠᠷ ᠪᠡᠯᠡᠳᠬᠡᠵᠦ ᠪᠠᠢᠢᠭ᠎ᠠ ᠪᠠᠷᠠᠭ᠎ᠠ᠂ ᠪᠦᠲᠦᠭᠡᠭ᠍ᠳᠡᠬᠦᠨ ᠨᠦᠭᠦᠳ ᠢ ᠦᠵᠡᠵᠦ ᠰᠣᠨᠢᠷᠬᠠᠯ᠎ᠠ᠃

 

ᠪᠢᠽᠢᠨ᠋᠋ᠧᠰ ᠡᠷᠬᠢᠯᠡᠭᠴᠢ ᠡᠮᠡᠭᠲᠡᠢᠢᠴᠦᠳ ᠦᠨ ᠲᠥᠪ ᠨᠢ ᠪᠦᠭᠦᠳᠡ ᠨᠠᠢᠢᠷᠠᠮᠳᠠᠬᠤ ᠰᠣᠯᠣᠩᠭ᠋ᠣᠰ ᠤᠯᠤᠰ ᠤᠨ ᠬᠠᠮᠲᠤ ᠢᠢᠨ ᠠᠵᠢᠯᠯᠠᠭᠠᠨ ᠤ 《ᠣᠯᠠᠨ ᠤᠯᠤᠰ ᠤᠨ ᠬᠠᠮᠲᠤ ᠢᠢᠨ ᠠᠵᠢᠯᠯᠠᠭᠠᠨ ᠤ ᠠᠭᠧᠨ᠋ᠲ᠋ᠯᠢᠭ》 ᠪᠠᠢᠢᠭᠤᠯᠤᠯᠭ᠎ᠠ ᠢᠢᠨ ᠰᠠᠩᠬᠦᠵᠢᠯᠲᠡ ᠪᠡᠷ ᠨᠡᠢᠢᠰᠯᠡᠯ ᠦᠨ ᠵᠠᠰᠠᠭ ᠳᠠᠷᠤᠭ᠎ᠠ ᠢᠢᠨ ᠲᠠᠮᠠᠭ᠎ᠠ ᠢᠢᠨ ᠭᠠᠵᠠᠷ ᠪᠣᠯᠤᠨ ᠠᠽᠢᠶ᠎ᠠ ᠢᠢᠨ ᠰᠠᠩ ᠤᠨ ᠳᠡᠮᠵᠢᠯᠭᠡ ᠲᠡᠢ ᠪᠡᠷ 2016 ᠣᠨ ᠠᠴᠠ ᠡᠬᠢᠯᠡᠨ ᠠᠵᠢᠯᠯᠠᠵᠤ

thumbnail 18.05.14 Medee
18.05.14 Medee
ᠠᠮᠧᠷᠢᠺᠠ ᠶᠢᠨ ᠨᠢᠭᠡᠳᠦᠭᠰᠡᠨ ᠤᠯᠤᠰ ᠤᠨ ᠮᠡᠳᠡᠭᠡᠯᠡᠯ ᠦᠨ ᠰᠠᠶᠢᠲ ᠳᠤ ᠨᠡᠶᠢᠲᠡᠯᠡᠭᠳᠡᠭᠰᠡᠨ 《ᠮᠣᠩᠭᠣᠯ ᠤᠨ ᠵᠠᠭᠪᠤᠷ》 ᠨᠡᠶᠢᠲᠡᠯᠡᠯ ᠢ ᠬᠦᠷᠭᠡᠵᠦ ᠪᠠᠶᠢᠨ᠎ᠠ

 

ᠠᠮᠧᠷᠢᠺᠠ ᠶᠢᠨ ᠨᠢᠭᠡᠳᠦᠭᠰᠡᠨ ᠤᠯᠤᠰ ᠤᠨ ᠸᠠᠱᠢᠩᠲ᠋ᠣᠨ ᠬᠣᠲᠠ ᠳᠤ ᠷᠧᠳᠠᠺᠼᠢ ᠲᠠᠢ www.dailycaller.com ᠮᠡᠳᠡᠭᠡᠯᠡᠯ ᠦᠨ ᠰᠠᠶᠢᠲ ᠳᠤ ᠥᠨᠥᠳᠥᠷ 《ᠮᠣᠩᠭ᠋ᠣᠯ ᠤᠨ ᠵᠠᠭᠪᠤᠷ》 ᠨᠡᠷᠡᠲᠡᠢ ᠨᠡᠶᠢᠲᠡᠯᠡᠯ ᠨᠡᠶᠢᠲᠡᠯᠡᠭᠳᠡᠯ᠎ᠡ᠃

 

ᠠᠮᠧᠷᠢᠺᠠ ᠶᠢᠨ ᠨᠢᠭᠡᠳᠦᠭᠰᠡᠨ ᠤᠯᠤᠰ ᠪᠣᠯᠤᠨ ᠮᠣᠩᠭ᠋ᠣᠯ ᠤᠯᠤᠰ ᠤᠨ ᠬᠤᠳᠠᠯᠳᠤᠭᠠᠨ ᠤ ᠠᠰᠠᠭᠤᠳᠠᠯ ᠢ ᠬᠥᠨᠳᠡᠭᠰᠡᠨ ᠡᠨᠡᠬᠦ ᠨᠡᠶᠢᠲᠡᠯᠡᠯ ᠢ ᠠᠩᠯᠢ ᠬᠡᠯᠡ ᠪᠡᠷ ᠲᠤᠬᠠᠢ ᠶᠢᠨ ᠮᠡᠳᠡᠭᠡᠯᠡᠯ ᠦᠨ ᠰᠠᠶᠢᠲ ᠠᠴᠠ ᠤᠩᠰᠢᠬᠤ ᠶᠢ ᠬᠦᠰᠡᠪᠡᠯ ᠡᠨᠳᠡ ᠳᠠᠷᠤᠨ᠎ᠠ ᠤᠤ᠃

 

ᠮᠣᠩᠭ᠋ᠣᠯ ᠬᠡᠯᠡ ᠪᠡᠷ ᠣᠷᠴᠢᠭᠤᠯᠤᠭᠰᠠᠨ ᠬᠤᠪᠢᠯᠪᠤᠷᠢ ᠲᠠᠢ ᠲᠠᠨᠢᠯᠴᠠᠨ᠎ᠠ ᠤᠤ᠃

 

ᠨᠡᠶᠢᠲᠡᠯᠡᠯ ᠳ᠋ᠡᠬᠢ ᠭᠡᠷᠡᠯ ᠵᠢᠷᠤᠭ ᠨᠢ ᠠᠮᠧᠷᠢᠺᠠ ᠶᠢᠨ ᠨᠢᠭᠡᠳᠦᠭᠰᠡᠨ ᠤᠯᠤᠰ ᠤᠨ ᠮᠣᠩᠭ᠋ᠣᠯ ᠳ᠋ᠠᠬᠢ ᠡᠯᠴᠢᠨ ᠰᠠᠶᠢᠳ ᠠᠰᠠᠨ ᠵᠣᠨᠠᠲ᠋ᠠᠨ ᠧᠳ᠋ᠯᠲ᠋ᠣᠨ /Jonathan Addleton/ ᠍ ᠤ ᠳᠠᠷᠤᠭᠰᠠᠨ ᠵᠢᠷᠤᠭ ᠤᠳ