Та "Internet explorer"-ийн сүүлийн хувилбар болох "Microsoft edge"-г ашиглана уу

Хэрэв "Microsoft edge"-г татах бол энд дарж татаж авна уу

thumbnail 19.12.29-General
19.12.29-General
ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠵᠠᠷᠯᠢᠭ ᠭᠠᠷᠭᠠᠵᠤ ᠴᠡᠷᠢᠭ ᠦᠨ ᠳᠡᠭᠡᠳᠦ ᠴᠣᠯᠠ ᠣᠯᠭᠤᠯ᠎ᠠ

ᠮᠣᠩ᠋ᠭᠣᠯ ᠤᠯᠤᠰ ᠤᠨ ᠦᠨᠳᠦᠰᠦᠨ ᠬᠠᠤᠯᠢ ᠢᠢᠨ ᠭᠤᠴᠢᠨ ᠭᠤᠷᠪᠠᠳᠤᠭᠠᠷ ᠵᠦᠢᠯ ᠦᠨ 1 ᠳ᠋ᠡᠬᠢ ᠬᠡᠰᠡᠭ ᠦᠨ 7 ᠳ᠋ᠠᠬᠢ ᠵᠢᠭᠠᠯᠲᠠ᠂ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠲᠤᠬᠠᠢ ᠬᠠᠤᠯᠢ ᠢᠢᠨ 9  ᠳᠦ᠋ᠭᠡᠷ ᠵᠦᠢᠯ ᠦᠨ 1᠂ 15 ᠳ᠋ᠤᠭᠠᠷ ᠵᠦᠢᠯ ᠦᠨ 1 ᠳ᠋ᠡᠬᠢ ᠬᠡᠰᠡᠭ᠂ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ 2019 ᠣᠨ ᠤ 3 ᠳ᠋ᠤᠭᠠᠷ ᠰᠠᠷ᠎ᠠ ᠢᠢᠨ 13 ᠍ ᠤ ᠡᠳᠦᠷ ᠦᠨ ᠨ/02 ᠳ᠋ᠤᠭᠠᠷ ᠵᠠᠷᠯᠢᠭ ᠢ ᠲᠤᠰ ᠲᠤᠰ ᠦᠨᠳᠦᠰᠦᠯᠡᠨ᠄

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠴᠡᠷᠢᠭ ᠦᠨ ᠳᠡᠭᠡᠳᠦ ᠴᠣᠯᠠ ᠣᠯᠭᠤᠬᠤ ᠲᠤᠬᠠᠢ ᠵᠠᠷᠯᠢᠭ ᠭᠠᠷᠭᠠᠵᠤ᠂

thumbnail 19.12.29-MT
19.12.29-MT
《ᠮᠣᠩ᠋ᠭᠣᠯ  ᠤᠨ ᠲᠡᠦᠬᠡ-ᠮᠣᠩ᠋ᠭᠣᠯ ᠪᠠᠬᠠᠷᠬᠠᠯ》 ᠡᠰᠰᠡ ᠪᠢᠴᠢᠯᠭᠡ ᠢᠢᠨ ᠤᠷᠤᠯᠳᠤᠭᠠᠨ ᠳᠤ ᠲᠡᠷᠢᠭᠦᠯᠡᠭᠰᠡᠨ ᠰᠤᠷᠤᠭᠴᠢᠳ ᠲᠤ ᠱᠠᠩᠨᠠᠯ ᠭᠠᠷᠳᠠᠭᠤᠯᠤᠯ᠎ᠠ

ᠶᠡᠬᠡ ᠡᠵᠡᠨ ᠴᠢᠩᠭᠢᠰ ᠬᠠᠭᠠᠨ ᠤ ᠡᠳᠦᠷ᠂ ᠦᠨᠳᠦᠰᠦᠨ ᠦ ᠡᠷᠬᠡ ᠴᠢᠯᠦᠭᠡ᠂ ᠲᠤᠰᠠᠭᠠᠷ ᠲᠣᠭᠲᠠᠨᠢᠯ ᠢᠶᠠᠨ ᠰᠡᠷᠭᠦᠭᠡᠭ᠍ᠰᠡᠨ ᠦ ᠪᠠᠶᠠᠷ ᠢ ᠲᠣᠬᠢᠶᠠᠯᠳᠤᠭᠤᠯᠤᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ᠂ ᠮᠣᠩ᠋ᠭᠣᠯ ᠤᠯᠤᠰ ᠤᠨ ᠶᠡᠬᠡ ᠰᠤᠷᠭᠠᠭᠤᠯᠢ ᠬᠠᠮᠲᠤᠷᠠᠨ 《ᠮᠣᠩ᠋ᠭᠣᠯ  ᠤᠨ ᠲᠡᠦᠬᠡ-ᠮᠣᠩ᠋ᠭᠣᠯ ᠪᠠᠬᠠᠷᠬᠠᠯ》 ᠰᠡᠳᠦᠪᠲᠦ ᠡᠰᠰᠠ ᠪᠢᠴᠢᠯᠭᠡ ᠢᠢᠨ ᠤᠷᠤᠯᠳᠤᠭᠠᠨ ᠵᠠᠷᠯᠠᠭᠰᠠᠨ ᠪᠢᠯᠡ᠃

ᠶᠡᠷᠦᠩᠬᠡᠢ ᠪᠣᠯᠪᠠᠰᠤᠷᠠᠯ ᠤᠨ ᠰᠤᠷᠭᠠᠭᠤᠯᠢ ᠢᠢᠨ 12 ᠳ᠋ᠤᠭᠠᠷ ᠠᠩᠭᠢ ᠢᠢᠨ ᠰᠤᠷᠤᠭᠴᠢᠳ ᠣᠷᠣᠯᠴᠠᠭᠰᠠᠨ ᠡᠰᠰᠠ ᠪᠢᠴᠢᠯᠭᠡ ᠢᠢᠨ ᠲᠡᠮᠡᠴᠡᠭᠡᠨ 2019 ᠣᠨ ᠤ 11  ᠳ᠋ᠦᠭᠡᠷ ᠰᠠᠷ᠎ᠠ ᠢᠢᠨ 15 ᠍ ᠤ ᠡᠳᠦᠷ ᠡᠴᠡ 12 ᠳ᠋ᠤᠭᠠᠷ ᠰᠠᠷ᠎ᠠ ᠢᠢᠨ 29 ᠍ ᠦ ᠡᠳᠦᠷ

thumbnail Suld
Suld
ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠵᠠᠷᠯᠢᠭ ᠭᠠᠷᠭᠠᠵᠤ᠂ ᠮᠣᠯᠯᠠᠧᠢ ᠰᠠᠢᠢᠳ᠋ ᠢ ᠥᠪᠡᠷ ᠦᠨ ᠬᠢ ᠨᠢ ᠬᠦᠰᠡᠯᠲᠠ ᠪᠡᠷ ᠮᠣᠩ᠋ᠭᠣᠯ ᠤᠯᠤᠰ ᠤᠨ ᠬᠠᠷᠢᠶᠠᠲᠤ ᠪᠣᠯᠭᠠᠪᠠ

ᠮᠣᠩ᠋ᠭᠣᠯ ᠤᠯᠤᠰ ᠤᠨ ᠦᠨᠳᠦᠰᠦᠨ ᠬᠠᠤᠯᠢ ᠢᠢᠨ ᠭᠤᠴᠢᠨ ᠭᠤᠷᠪᠠᠳᠤᠭᠠᠷ ᠵᠦᠢᠯ ᠦᠨ 1 ᠳ᠋ᠡᠬᠢ ᠬᠡᠰᠡᠭ ᠦᠨ 9 ᠳ᠋ᠡᠬᠢ ᠵᠢᠭᠠᠯᠲᠠ᠂ ᠬᠠᠷᠢᠶᠠᠲᠤ ᠢᠢᠨ ᠲᠤᠬᠠᠢ ᠬᠠᠤᠯᠢ ᠢᠢᠨ 19  ᠳ᠋ᠦ᠋ᠭᠡᠷ ᠵᠦᠢᠯ ᠦᠨ 1᠂ 24  ᠳ᠋ᠦ᠋ᠭᠡᠷ ᠵᠦᠢᠯ ᠦᠨ 1 ᠳ᠋ᠡᠬᠢ ᠬᠡᠰᠡᠭ᠂ ᠥᠪᠡᠷ ᠦᠨ ᠬᠢ ᠨᠢ ᠬᠦᠰᠡᠯᠳᠡ᠂ ᠭᠠᠳᠠᠭᠠᠳᠤ ᠢᠢᠨ ᠢᠷᠭᠡᠨ ᠬᠠᠷᠢᠶᠠᠲᠤ ᠢᠢᠨ ᠭᠠᠵᠠᠷ ᠤᠨ ᠳ᠋ᠦᠩᠨᠡᠯᠲᠡ ᠢᠢ ᠲᠤᠰ ᠲᠤᠰ ᠦᠨᠳᠦᠰᠦᠯᠡᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ 2019 ᠣᠨ ᠤ 11  ᠳ᠋ᠦ᠋ᠭᠡᠷ ᠰᠠᠷ᠎ᠠ ᠢᠢᠨ 20 ᠍ ᠤ ᠡᠳᠦᠷ 《ᠮᠣᠩ᠋ᠭᠣᠯ ᠤᠯᠤᠰ ᠤᠨ ᠬᠠᠷᠢᠶᠠᠲᠤ ᠪᠣᠯᠭᠠᠬᠤ ᠲᠤᠬᠠᠢ》 ᠵᠠᠷᠯᠢᠭ ᠭᠠᠷᠭᠠᠵᠤ᠂ ᠮᠣᠯᠯᠠᠧᠢ ᠰᠠᠢᠢᠳ᠋

thumbnail Suld
Suld
ᠮᠣᠩ᠋ᠭᠣᠯ ᠤᠯᠤᠰ ᠠᠴᠠ ᠣᠷᠣᠰ ᠤᠨ ᠬᠣᠯᠪᠣᠭᠠᠨ ᠤ ᠤᠯᠤᠰ ᠲᠤ ᠰᠠᠭᠤᠬᠤ ᠣᠨᠴᠠ ᠪᠥᠭᠡᠳ ᠪᠥᠷᠢᠨ ᠡᠷᠬᠡᠲᠦ ᠡᠯᠴᠢᠨ ᠰᠠᠢᠢᠳ ᠢᠶᠠᠷ ᠳᠤᠯᠮᠠᠰᠦ᠋ᠷᠦᠩ ᠦᠨ ᠳᠠᠸᠠ ᠢᠢ ᠲᠣᠮᠢᠯᠠᠯ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠥᠨᠥᠳᠥᠷ ᠡᠯᠴᠢᠨ ᠰᠠᠢᠢᠳ ᠢ ᠲᠣᠬᠣᠭᠠᠨ ᠲᠤᠮᠢᠯᠠᠬᠤ ᠲᠤᠬᠠᠢ ᠵᠠᠷᠯᠢᠭ ᠭᠠᠷᠭᠠᠵᠤ᠂ ᠮᠣᠩ᠋ᠭᠣᠯ ᠤᠯᠤᠰ ᠠᠴᠠ ᠣᠷᠣᠰ ᠤᠨ ᠬᠣᠯᠪᠣᠭᠠᠨ ᠤ ᠤᠯᠤᠰ ᠲᠤ ᠰᠠᠭᠤᠬᠤ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠢᠶᠠᠷ ᠳᠤᠯᠮᠠᠰᠦ᠋ᠷᠦᠩ ᠦᠨ ᠳᠠᠸᠠ  ᠢᠢ ᠲᠣᠮᠢᠯᠠᠯ᠎ᠠ᠃ ᠮᠥᠨ ᠡᠳᠦᠷ ᠡᠴᠡ ᠡᠬᠢᠯᠡᠨ ᠲᠡᠭᠦᠨ ᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠪᠠᠲᠤᠯᠠᠨ ᠬᠠᠮᠠᠭᠠᠯᠠᠬᠤ ᠪᠣᠳᠣᠯᠭ᠎ᠠ᠂ ᠠᠶᠤᠯ ᠦᠭᠡᠢ ᠪᠠᠢᠢᠳᠠᠯ ᠤᠨ ᠠᠰᠠᠭᠤᠳᠠᠯ ᠬᠠᠷᠢᠭᠤᠴᠠᠭᠰᠠᠨ ᠵᠥᠪᠯᠡᠬᠦ ᠡᠴᠡ ᠴᠢᠯᠦᠭᠡᠯᠡᠪᠡ᠃

ᠣᠷᠣᠰ ᠤᠨ ᠬᠣᠯᠪᠣᠭᠠᠨ ᠤ ᠤᠯᠤᠰ ᠲᠤ ᠰᠠᠭᠤᠬᠤ ᠣᠨᠴᠠ ᠪᠥᠭᠡᠳ ᠪᠥᠷᠢᠨ ᠡᠷᠬᠡᠲᠦ ᠡᠯᠴᠢᠨ ᠰᠠᠢᠢᠳ ᠢᠶᠠᠷ ᠲᠣᠮᠢᠯᠠᠭᠳᠠᠭᠰᠠᠨ ᠳᠤᠯᠮᠠᠰᠦ᠋ᠷᠦᠩ ᠦᠨ ᠳᠠᠪᠠᠭ᠎ᠠ ᠨᠢ᠄
1986 ᠣᠨ ᠳᠤ

thumbnail 19.11.29-Tuuli1
19.11.29-Tuuli1
ᠮᠣᠩ᠋ᠭᠣᠯ ᠤᠯᠤᠰ ᠤᠨ ᠶᠡᠷᠦᠩᠬᠡᠶᠢᠯᠡᠭᠴᠢ ᠶᠢᠨ ᠵᠠᠷᠯᠢᠭ ᠤᠨ ᠳᠠᠭᠠᠭᠤ ᠲᠤᠤᠯᠢ ᠬᠠᠶᠢᠯᠠᠯ᠎ᠠ

ᠮᠣᠩ᠋ᠭᠣᠯ ᠤᠯᠤᠰ ᠤᠨ ᠶᠡᠷᠦᠩᠬᠡᠶᠢᠯᠡᠭᠴᠢ ᠬᠠᠯᠲᠠᠮ᠎ᠠ ᠶᠢᠨ ᠪᠠᠲᠤᠲᠤᠯᠭ᠎ᠠ ᠮᠣᠩ᠋ᠭᠣᠯ ᠲᠦᠮᠡᠨ ᠦ ᠪᠠᠬᠠᠷᠬᠠᠯᠳᠤ ᠥᠪ ᠰᠣᠶᠣᠯ᠂ ᠦᠶ᠎ᠡ ᠡᠴᠡ ᠦᠶ᠎ᠡ ᠳᠥ ᠤᠯᠠᠮᠵᠢᠯᠠᠭᠳᠠᠨ ᠢᠷᠡᠭᠰᠡᠨ ᠠᠮᠠᠨ ᠪᠢᠯᠢᠭ᠌ ᠦᠨ ᠡᠬᠢ ᠤᠨᠳᠤᠷᠭ᠎ᠠ ᠪᠣᠯᠤᠭᠰᠠᠨ ᠪᠠᠭᠠᠲᠤᠷᠯᠢᠭ ᠲᠤᠤᠯᠢᠰ ᠢᠶᠠᠨ ᠳᠡᠭᠡᠳᠦᠯᠡᠨ᠂ ᠳᠡᠯᠭᠡᠷᠡᠭᠦᠯᠬᠦ ᠵᠣᠷᠢᠯᠭ᠎ᠠ ᠪᠠᠷ 2019 ᠣᠨ ᠤ 01 ᠳᠦᠭᠡᠷ ᠰᠠᠷ᠎ᠠ ᠶᠢᠨ 29 ᠍ ᠦ ᠡᠳᠦᠷ 《ᠮᠣᠩ᠋ᠭᠣᠯ ᠪᠠᠭᠠᠲᠤᠷᠯᠢᠭ ᠲᠤᠤᠯᠢᠰ ᠢᠶᠠᠨ ᠳᠡᠭᠡᠳᠦᠯᠡᠨ ᠳᠡᠯᠭᠡᠷᠡᠭᠦᠯᠬᠦ ᠲᠤᠬᠠᠢ》 13 ᠳ᠋ᠤᠭᠠᠷ ᠵᠠᠷᠯᠢᠭ ᠭᠠᠷᠭᠠᠭᠰᠠᠨ ᠪᠢᠯᠡ᠃

ᠵᠠᠷᠯᠢᠭ ᠲᠤ ᠪᠢᠴᠢᠭᠰᠡᠨᠴᠢᠯᠡᠨ 《ᠵᠢᠯ ᠪᠦᠷᠢ ᠶᠢᠨ ᠴᠠᠭᠠᠨ ᠰᠠᠷ᠎ᠠ ᠶᠢᠨ ᠪᠠᠶᠠᠷ ᠢ ᠲᠣᠬᠢᠶᠠᠯᠳᠤᠭᠤᠯᠤᠨ ᠬᠠᠪᠤᠷ ᠤᠨ ᠲᠡᠷᠢᠭᠦᠨ ᠰᠠᠷ᠎ᠠ ᠶᠢᠨ ᠰᠢᠨ᠎ᠡ ᠶᠢᠨ ᠭᠤᠷᠪᠠᠨ ᠤ ᠡᠳᠦᠷ᠂ ᠮᠣᠩ᠋ᠭᠣᠯ

thumbnail 19.11.28-IJB
19.11.28-IJB
ᠪᠦᠭᠦᠳᠡ ᠨᠠᠢᠢᠷᠠᠮᠳᠠᠬᠤ ᠰᠣᠯᠣᠩ᠋ᠭᠣᠰ ᠤᠯᠤᠰ ᠠᠴᠠ ᠮᠣᠩ᠋ᠭᠣᠯ ᠤᠯᠤᠰ ᠲᠤ ᠰᠠᠭᠤᠬᠤ ᠡᠯᠴᠢᠨ ᠰᠠᠢᠢᠳ ᠯᠢ ᠶᠣ ᠬᠤᠢᠨ ᠢᠲᠡᠭᠡᠮᠵᠢᠯᠡᠬᠦ ᠵᠢᠭᠤᠬᠤ ᠪᠢᠴᠢᠭ ᠢᠶᠡᠨ ᠡᠷᠬᠦᠨ ᠪᠠᠷᠢᠯ᠎ᠠ

ᠪᠦᠭᠦᠳᠡ ᠨᠠᠢᠢᠷᠠᠮᠳᠠᠬᠤ ᠰᠣᠯᠣᠩ᠋ᠭᠣᠰ ᠤᠯᠤᠰ  ᠠᠴᠠ ᠮᠣᠩ᠋ᠭᠣᠯ ᠤᠯᠤᠰ ᠲᠤ ᠰᠠᠭᠤᠬᠤ ᠡᠯᠴᠢᠨ ᠰᠠᠢᠢᠳ ᠢᠶᠠᠷ ᠲᠣᠮᠢᠯᠠᠭᠳᠠᠨ ᠢᠷᠡᠭᠰᠡᠨ ᠨᠣᠶᠠᠨ ᠯᠢ ᠶᠣ ᠬᠤᠢᠨ ᠥᠨᠥᠳᠥᠷ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠳᠤ ᠢᠲᠡᠭᠡᠮᠵᠢᠯᠡᠬᠦ ᠵᠢᠭᠤᠬᠤ ᠪᠢᠴᠢᠭ᠌ ᠢᠶᠡᠨ ᠡᠷᠬᠦᠨ ᠪᠠᠷᠢᠯ᠎ᠠ᠃

ᠲᠡᠭᠦᠨ ᠢ ᠢᠲᠡᠭᠡᠮᠵᠢᠯᠡᠬᠦ ᠵᠢᠭᠤᠬᠤ ᠪᠢᠴᠢᠭ᠌ ᠢᠶᠡᠨ ᠡᠷᠬᠦᠨ ᠪᠠᠷᠢᠭᠰᠠᠨ ᠲᠠᠢ ᠨᠢ ᠬᠣᠯᠪᠣᠭᠳᠠᠭᠤᠯᠤᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠬᠦᠯᠢᠶᠡᠨ ᠠᠪᠴᠤ ᠠᠭᠤᠯᠵᠠᠭᠠᠳ᠂ ᠮᠣᠩ᠋ᠭᠣᠯ ᠤᠯᠤᠰ ᠲᠤ ᠰᠠᠭᠤᠬᠤ ᠡᠯᠴᠢᠨ ᠰᠠᠢᠢᠳ ᠢᠶᠠᠷ ᠲᠣᠮᠢᠯᠠᠭᠳᠠᠨ ᠢᠷᠡᠭᠰᠡᠨ ᠳᠥ ᠨᠢ ᠪᠠᠶᠠᠷ ᠬᠦᠷᠭᠡᠪᠡ᠃

ᠠᠭᠤᠯᠵᠠᠯᠲᠠ ᠪᠠᠷ ᠲᠠᠯ᠎ᠠ ᠨᠤᠭᠤᠳ 2020 ᠣᠨ ᠳᠤ ᠪᠣᠯᠬᠤ ᠮᠣᠩ᠋ᠭᠣᠯ