Та "Internet explorer"-ийн сүүлийн хувилбар болох "Microsoft edge"-г ашиглана уу

Хэрэв "Microsoft edge"-г татах бол энд дарж татаж авна уу

thumbnail 19.9.23-Cosmo
19.9.23-Cosmo
ᠪᠦᠭᠦᠳᠡ ᠨᠠᠢᠢᠷᠠᠮᠳᠠᠬᠤ ᠡᠨᠡᠳᠬᠡᠭ ᠤᠯᠤᠰ᠍ ᠤᠨ ᠰᠠᠨᠰᠠᠷ ᠰᠤᠳᠤᠯᠤᠯ ᠤᠨ ᠪᠠᠢᠢᠭᠤᠯᠤᠯᠭ᠎ᠠ ᠲᠠᠢ ᠬᠠᠮᠲᠤᠷᠠᠨ ᠠᠵᠢᠯᠯᠠᠬᠤ ᠪᠠᠷ ᠶᠠᠷᠢᠯᠴᠠᠯ᠎ᠠ

ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ ᠳᠦ ᠠᠢᠢᠯᠴᠢᠯᠠᠵᠤ ᠪᠤᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠥᠨᠥᠳᠥᠷ ᠲᠤᠰ ᠤᠯᠤᠰ ᠤᠨ ᠰᠠᠨᠰᠠᠷ ᠰᠤᠳᠤᠯᠤᠯ ᠤᠨ ᠪᠠᠢᠢᠭᠤᠯᠤᠯᠭ᠎ᠠ ᠳᠤ ᠵᠣᠴᠢᠯᠠᠯ᠎ᠠ᠃

ᠡᠨᠡᠳᠬᠡᠭ᠌ ᠦᠨ ᠰᠠᠨᠰᠠᠷ ᠰᠤᠳᠤᠯᠤᠯ ᠤᠨ ᠪᠠᠢᠢᠭᠤᠯᠤᠯᠭ᠎ᠠ 1960 ᠍ ᠊ᠭᠠᠳ ᠣᠨ ᠠᠴᠠ ᠡᠬᠢᠯᠡᠯ ᠲᠡᠢ ᠪᠥᠭᠡᠳ 1990 ᠣᠨ ᠭᠡᠬᠦ ᠳᠥ ᠳᠡᠯᠡᠬᠡᠢ ᠳᠥ ᠲᠡᠷᠢᠭᠦᠯᠡᠬᠦ ᠰᠠᠨᠰᠠᠷ ᠰᠤᠳᠤᠯᠤᠯ ᠤᠨ ᠲᠣᠮᠣᠬᠠᠨ ᠳᠡᠳ᠋ ᠪᠦᠲᠦᠴᠡ ᠢᠢ ᠪᠤᠢ ᠪᠣᠯᠭᠠᠵᠤ ᠴᠢᠳᠠᠭᠰᠠᠨ ᠶᠤᠮ᠃

ᠡᠨᠡᠳᠬᠡᠭ᠌ ᠤᠯᠤᠰ ᠤᠨ ᠶᠡᠷᠦᠩᠬᠡᠢ ᠰᠠᠢᠢᠳ ᠨᠠᠷᠧᠨ᠋ᠳ᠋ᠷᠠ ᠮᠣᠳᠢ 2022 ᠣᠨ ᠭᠡᠬᠦ ᠳᠥ ᠥᠪᠡᠷᠰᠡᠳ ᠦᠨ ᠪᠦᠲᠦᠭᠡᠭ᠍ᠰᠡᠨ ᠵᠢᠯᠣᠭᠣᠳᠤᠯᠭᠠᠳᠤ ᠬᠥᠯᠭᠡ ᠪᠡᠨ ᠭᠤᠷᠪᠠᠨ ᠨᠢᠰᠦᠭᠴᠢ ᠲᠡᠢ ᠬᠦᠭᠡᠷᠭᠡᠬᠦ ᠲᠣᠮᠣᠬᠠᠨ ᠠᠮᠪᠢᠼᠠ ᠲᠠᠢ

thumbnail 19.9.22-Mongol-khiid
19.9.22-Mongol-khiid
ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠪᠦᠭᠦᠳᠡ ᠨᠠᠢᠢᠷᠠᠮᠳᠠᠬᠤ ᠡᠨᠡᠳᠬᠡᠭ ᠤᠯᠤᠰ ᠍ ᠲᠤ ᠪᠠᠢᠢᠳᠠᠭ ᠮᠣᠩ᠋ᠭᠣᠯ ᠬᠡᠢᠢᠳ ᠲᠥ ᠵᠣᠴᠢᠯᠠᠯ᠎ᠠ

ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ  ᠲᠤ ᠲᠥᠷᠦ ᠢᠢᠨ ᠠᠢᠢᠯᠴᠢᠯᠠᠯ ᠬᠢᠵᠦ ᠪᠤᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠥᠴᠦᠭᠡᠳᠦᠷ ᠪᠢᠬᠠᠷ ᠮᠤᠵᠢ ᠢᠢᠨ ᠪᠣᠳᠢ ᠭᠠᠶᠠ ᠬᠣᠲᠠ ᠳᠤ ᠪᠠᠢᠢᠬᠤ ᠮᠣᠩ᠋ᠭᠣᠯ ᠬᠡᠢᠢᠳ ᠲᠥ ᠵᠣᠴᠢᠯᠠᠯ᠎ᠠ᠃

ᠡᠳᠦᠭᠡ ᠪᠣᠳᠢ ᠭᠠᠶᠠ ᠳᠤ ᠪᠤᠷᠬᠠᠨ ᠤ ᠱᠠᠰᠢᠨ ᠤ ᠣᠯᠠᠨ ᠤᠯᠤᠰ ᠣᠷᠣᠨ ᠤ ᠰᠦᠮ᠎ᠡ ᠪᠠᠢᠢᠳᠠᠭ ᠳᠣᠲᠣᠷ᠎ᠠ ᠭᠠᠨᠳᠠᠩ ᠬᠦᠷᠢᠶᠡᠨ ᠦ ᠭᠣᠣᠯ ᠪᠡᠯᠭᠡᠳᠡᠯ ᠪᠣᠯᠬᠤ ᠥᠨᠳᠦᠷ ᠭᠡᠭᠡᠭᠡᠨ ᠦ ᠪᠠᠲᠤᠴᠠᠭᠠᠨ ᠳᠤᠭᠤᠨ ᠤ ᠨᠡᠷᠡᠰᠢᠯ ᠲᠡᠢ ᠮᠣᠩ᠋ᠭᠣᠯ ᠬᠡᠢᠢᠳ 2017 ᠣᠨ ᠤ ᠨᠢᠭᠡᠳᠦᠭᠡᠷ ᠰᠠᠷ᠎ᠠ ᠠᠴᠠ ᠨᠡᠭᠡᠭᠡᠭ᠍ᠳᠡᠭᠰᠡᠨ ᠶᠤᠮ᠃

ᠲᠥᠷᠦ ᠢᠢᠨ ᠲᠡᠷᠢᠭᠦᠨ ᠢ ᠲᠤᠰ ᠬᠡᠢᠢᠳ ᠲᠥ ᠬᠦᠷᠦᠯᠴᠡᠨ

thumbnail 19.9.21 Medegdel
19.9.21 Medegdel
ᠮᠣᠩ᠋ᠭᠣᠯ ᠤᠯᠤᠰ᠂ ᠪᠦᠭᠦᠳᠡ ᠨᠠᠢᠢᠷᠠᠮᠳᠠᠬᠤ ᠡᠨᠡᠳᠬᠡᠭ ᠤᠯᠤᠰ ᠬᠣᠭᠣᠷᠣᠨᠳᠣ ᠢᠢᠨ ᠰᠲ᠋ᠷᠠᠲ᠋ᠧᠭᠢ ᠢᠢᠨ ᠲᠦᠩᠰᠢᠯᠡᠯ ᠢ ᠤᠯᠠᠮ ᠪᠡᠬᠢᠵᠢᠭᠦᠯᠬᠦ ᠲᠤᠬᠠᠢ ᠬᠠᠮᠲᠤᠷᠠᠭᠰᠠᠨ ᠮᠡᠳᠡᠭᠳᠡᠯ ᠢ ᠭᠠᠷᠭᠠᠵᠤ ᠪᠠᠢᠢᠨ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠢᠢᠨ ᠪᠦᠭᠦᠳᠡ ᠨᠠᠢᠢᠷᠠᠮᠳᠡᠬᠦ ᠡᠨᠡᠳᠬᠡᠭ᠌ ᠤᠯᠤᠰ ᠲᠤ ᠬᠢᠭ᠍ᠰᠡᠨ ᠲᠥᠷᠥ ᠢᠢᠨ ᠠᠢᠢᠯᠴᠢᠯᠠᠯ᠂ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ  ᠤᠨ ᠶᠡᠷᠦᠩᠬᠡᠢᠢᠯᠡᠭᠴᠢ ᠷᠠᠮ ᠨᠠᠲ᠋ᠾ ᠺᠣᠸᠢᠨ᠋ᠳ᠋᠂ ᠲᠤᠰ ᠤᠯᠤᠰ ᠤᠨ ᠶᠡᠷᠦᠩᠬᠡᠢ ᠰᠠᠢᠢᠳ ᠨᠠᠷᠧᠨ᠋ᠳ᠋ᠷᠠ ᠮᠣᠳᠢ ᠲᠠᠢ ᠠᠭᠤᠯᠵᠠᠭᠰᠠᠨ ᠠᠭᠤᠯᠵᠠᠯᠲᠠ ᠢᠢᠨ ᠳ᠋ᠦᠩ ᠳᠥ《ᠮᠣᠩ᠋ᠭᠣᠯ ᠂ ᠡᠨᠡᠳᠬᠡᠭ᠌ ᠦᠨ ᠰᠲ᠋ᠷᠠᠲ᠋ᠧᠭᠢ ᠢᠢᠨ ᠲᠦᠩᠰᠢᠯᠡᠯ ᠢ ᠤᠯᠠᠮ ᠪᠡᠬᠢᠵᠢᠭᠦᠯᠬᠦ ᠲᠤᠬᠠᠢ ᠬᠠᠮᠲᠤᠷᠠᠭᠰᠠᠨ ᠮᠡᠳᠡᠭᠳᠡᠯ》 ᠍ ᠢᠢ ᠭᠠᠷᠭᠠᠵᠤ ᠪᠠᠢᠢᠨ᠎ᠠ᠃

ᠮᠣᠩ᠋ᠭᠣᠯ  ᠤᠨ ᠲᠠᠯ᠎ᠠ 《ᠡᠨᠡᠳᠬᠡᠭ᠌᠂ ᠨᠣᠮᠣᠬᠠᠨ ᠳᠠᠯᠠᠢ ᠢᠢᠨ ᠦᠵᠡᠯ ᠰᠠᠨᠠᠭ᠎ᠠ》 ᠍ ᠢ ᠬᠠᠮᠲᠤ ᠢᠢᠨ ᠬᠦᠴᠦᠨ ᠴᠢᠷᠮᠠᠢᠢᠯᠲᠠ ᠳᠤ ᠰᠠᠭᠤᠷᠢᠯᠠᠨ

thumbnail 19.9.20-Act
19.9.20-Act
ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠢᠢᠨ ᠲᠥᠷᠦ ᠢᠢᠨ ᠠᠢᠢᠯᠴᠢᠯᠠᠯ ᠤᠨ ᠬᠦᠷᠢᠶᠡᠨ ᠳᠥ ᠵᠠᠷᠢᠮ ᠪᠠᠷᠢᠮᠲᠠ ᠪᠢᠴᠢᠭ ᠲᠦ ᠭᠠᠷ ᠤᠨ ᠦᠰᠦᠭ ᠵᠢᠷᠤᠯ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ᠂ ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ ᠤᠨ ᠶᠡᠷᠦᠩᠬᠡᠢᠢᠯᠡᠭᠴᠢ ᠨᠠᠮ ᠨᠠᠲ᠋ᠾ ᠺᠣᠸᠢᠨ᠋ᠳ᠋ ᠨᠠᠷ ᠤᠨ ᠠᠭᠤᠯᠵᠠᠯᠲᠠ ᠢᠢᠨ ᠳᠠᠷᠠᠭ᠎ᠠ ᠬᠣᠶᠠᠷ ᠤᠯᠤᠰ ᠤᠨ ᠶᠡᠷᠦᠩᠬᠡᠢᠢᠯᠡᠭᠴᠢ ᠨᠠᠷ ᠢ ᠪᠠᠢᠢᠯᠴᠠᠭᠤᠯᠤᠨ ᠵᠠᠷᠢᠮ ᠪᠠᠷᠢᠮᠲᠠ ᠪᠢᠴᠢᠭ᠌ ᠲᠥ ᠭᠠᠷ ᠤᠨ ᠦᠰᠦᠭ ᠵᠢᠷᠤᠬᠤ ᠶᠣᠰᠣᠯᠠᠯ ᠡᠨᠡᠳᠬᠡᠭ᠌ ᠦᠨ ᠶᠡᠷᠦᠩᠬᠡᠢᠢᠯᠡᠭᠴᠢ ᠢᠢᠨ ᠣᠷᠳᠣᠨ ᠳᠤ ᠪᠣᠯᠤᠯ᠎ᠠ᠃

thumbnail 19.9.20-Nath
19.9.20-Nath
ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ᠂ ᠪᠦᠭᠦᠳᠡ ᠨᠠᠢᠢᠷᠠᠮᠳᠠᠬᠤ ᠡᠨᠡᠳᠬᠡᠭ ᠤᠯᠤᠰ ᠤᠨ ᠶᠡᠷᠦᠩᠬᠡᠢᠢᠯᠡᠭᠴᠢ ᠷᠠᠮ ᠨᠠᠲ᠋ᠾ ᠺᠣᠸᠢᠨ᠋ᠳ᠋ ᠨᠠᠷ ᠠᠭᠤᠯᠵᠠᠯ᠎ᠠ

ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ ᠳᠦ ᠲᠥᠷᠥ ᠢᠢᠨ ᠠᠢᠢᠯᠴᠢᠯᠠᠯ ᠬᠢᠵᠦ ᠪᠤᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠥᠨᠥᠳᠥᠷ ᠲᠤᠰ ᠤᠯᠤᠰ ᠤᠨ ᠶᠡᠷᠦᠩᠬᠡᠢ ᠰᠠᠢᠢᠳ ᠨᠠᠷᠧᠨ᠋ᠳ᠋ᠷᠠ ᠮᠣᠳᠢ ᠲᠠᠢ ᠠᠭᠤᠯᠵᠠᠵᠤ᠂ ᠶᠠᠷᠢᠯᠴᠠᠭᠰᠠᠨ ᠪᠢᠯᠡ᠃

ᠡᠭᠦᠨ ᠦ ᠳᠠᠷᠠᠭ᠎ᠠ ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ ᠍ ᠤᠨ ᠳᠡᠳ᠋ ᠶᠡᠷᠦᠩᠬᠡᠢᠢᠯᠡᠭᠴᠢ ᠸᠧᠩᠺᠠᠶ᠎ᠠ ᠨᠠᠢᠢᠳᠤ ᠮᠣᠩ᠋ᠭᠣᠯ ᠤᠯᠤᠰ ᠤᠨ ᠶᠡᠷᠦᠩᠬᠡᠢᠢᠯᠡᠭᠴᠢ ᠳᠥ ᠪᠠᠷᠠᠭᠠᠯᠬᠠᠵᠤ᠂ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ᠂ ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ ᠤᠨ ᠶᠡᠷᠦᠩᠬᠡᠢᠢᠯᠡᠭᠴᠢ ᠷᠠᠮ ᠨᠠᠲ᠋ᠾ ᠺᠣᠸᠢᠨ᠋ᠳ᠋ ᠨᠠᠷ ᠶᠡᠷᠦᠩᠬᠡᠢᠢᠯᠡᠭᠴᠢ ᠢᠢᠨ ᠣᠷᠳᠣᠨ ᠳᠤ ᠠᠭᠤᠯᠵᠠᠯᠳᠤᠭᠰᠠᠨ ᠶᠤᠮ᠃

ᠷᠠᠮ ᠨᠠᠲ᠋ᠾ ᠺᠣᠸᠢᠨ᠋ᠳ᠋᠄

thumbnail 19.9.22 Muj
19.9.22 Muj
ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠳᠤ ᠺᠠᠷᠨᠠᠲ᠋ᠠᠺᠠ ᠮᠤᠵᠢ ᠢᠢᠨ ᠵᠠᠬᠢᠷᠤᠭᠴᠢ ᠸᠠᠵᠤᠢᠪᠬᠠᠢ ᠷᠦᠪᠠᠳ᠋ᠬᠠᠢ ᠪᠠᠷᠠᠭᠠᠯᠬᠠᠪᠠ

ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ ᠳᠦ ᠠᠢᠢᠯᠴᠢᠯᠠᠵᠤ ᠪᠤᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠥᠨᠥᠳᠥᠷ ᠲᠤᠰ ᠤᠯᠤᠰ ᠤᠨ ᠮᠡᠳᠡᠭᠡᠯᠡᠯ ᠦᠨ ᠲᠧᠭᠨᠣᠯᠣᠭᠢ᠂ ᠡᠷᠴᠢᠮ ᠬᠦᠴᠦ᠂ ᠰᠠᠨᠰᠠᠷ ᠰᠤᠳᠤᠯᠤᠯ ᠵᠡᠷᠭᠡ ᠪᠠᠢᠢᠭᠤᠯᠤᠯᠭ᠎ᠠ ᠢᠢᠨ ᠦᠢᠯᠡ ᠠᠵᠢᠯᠯᠠᠭ᠎ᠠ ᠲᠠᠢ ᠲᠠᠨᠢᠯᠴᠠᠵᠤ᠂ ᠠᠯᠪᠠᠨ ᠤ ᠬᠦᠮᠦᠰ ᠲᠡᠢ ᠠᠭᠤᠯᠵᠠᠬᠤ ᠪᠠᠷ ᠡᠨᠡᠳᠬᠡᠭ᠌ ᠦᠨ ᠪᠧᠩᠠᠯᠤᠢᠷᠤ ᠬᠣᠲᠠ ᠳᠤ ᠬᠦᠷᠦᠯᠴᠡᠨ ᠢᠷᠡᠯ᠎ᠡ᠃

ᠲᠥᠷᠥ ᠢᠢᠨ ᠲᠡᠷᠢᠭᠦᠨ ᠢ ᠬᠦᠷᠦᠯᠴᠡᠨ ᠢᠷᠡᠭᠰᠡᠨ ᠲᠡᠢ ᠬᠣᠯᠪᠣᠭᠳᠠᠭᠤᠯᠤᠨ ᠺᠠᠷᠨᠠᠲ᠋ᠠᠺᠠ ᠮᠤᠵᠢ ᠢᠢᠨ ᠵᠠᠬᠢᠷᠤᠭᠴᠢ ᠸᠠᠵᠤᠢᠪᠬᠠᠢ ᠷᠦᠪᠠᠳ᠋ᠬᠠᠢ ᠪᠠᠷᠠᠭᠠᠯᠬᠠᠵᠤ᠂ ᠪᠦᠭᠦᠳᠡ ᠨᠠᠢᠢᠷᠠᠮᠳᠠᠬᠤ ᠡᠨᠡᠳᠬᠡᠭ᠌ ᠤᠯᠤᠰ ᠍ᠳᠦ ᠠᠢᠢᠯᠴᠢᠯᠠᠵᠤ ᠬᠣᠶᠠᠷ ᠤᠯᠤᠰ ᠤᠨ ᠰᠲ᠋ᠷᠠᠲ᠋ᠧᠭᠢ ᠢᠢᠨ ᠲᠦᠩᠰᠢᠯᠡᠯ ᠢ ᠪᠡᠬᠢᠵᠢᠭᠦᠯᠬᠦ ᠳᠥ ᠦᠨᠡᠲᠡᠢ ᠬᠤᠪᠢ ᠨᠡᠮᠡᠷᠢ