Та "Internet explorer"-ийн сүүлийн хувилбар болох "Microsoft edge"-г ашиглана уу

Хэрэв "Microsoft edge"-г татах бол энд дарж татаж авна уу

thumbnail 18.9.05 Tretiyak
18.9.05 Tretiyak
ᠮᠣᠩᠭᠣᠯ ᠤᠯᠤᠰ ᠤᠨ ᠶᠡᠷᠦᠩᠬᠡᠶᠢᠯᠡᠭᠴᠢ ᠶᠢᠨ ᠵᠠᠷᠯᠢᠭ ᠢᠶᠠᠷ ᠣᠷᠣᠰ ᠤᠨ ᠬᠣᠯᠪᠣᠭᠠᠨ ᠤ ᠤᠯᠤᠰ ᠤᠨ ᠲᠥᠷᠥ ᠶᠢᠨ ᠳ᠋ᠤᠢᠮ ᠤᠨ ᠭᠡᠰᠢᠭᠦᠨ ᠸᠯᠠᠳᠢᠰᠯᠠᠸ ᠠᠯᠧᠺᠰᠠᠨ᠋ᠳ᠋ᠷᠣᠸᠢᠴ ᠲᠷᠧᠲ᠋ᠢᠶᠠᠺ ᠢ 《ᠨᠠᠶᠢᠷᠠᠮᠳᠠᠯ》 ᠮᠧᠳᠠᠯ ᠢᠶᠠᠷ ᠱᠠᠩᠨᠠᠯ᠎ᠠ

ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠢᠢᠨ ᠤᠷᠢᠯᠭ᠎ᠠ ᠪᠠᠷ ᠣᠷᠣᠰ ᠤᠨ ᠬᠣᠯᠪᠣᠭᠠᠨ ᠤ ᠤᠯᠤᠰ ᠤᠨ ᠲᠥᠷᠥ ᠢᠢᠨ ᠳ᠋ᠤᠢᠮ ᠤᠨ ᠭᠡᠰᠢᠭᠦᠨ᠂ ᠣᠷᠣᠰ ᠤᠨ ᠬᠣᠯᠪᠣᠭᠠᠨ ᠤ ᠤᠯᠤᠰ ᠤᠨ ᠬᠣᠺᠺᠧᠢ ᠢᠢᠨ ᠬᠣᠯᠪᠣᠭᠠᠨ ᠤ ᠶᠡᠷᠦᠩᠬᠡᠢᠢᠯᠡᠭᠴᠢ ᠸᠯᠠᠳᠢᠰᠯᠠᠸ ᠠᠯᠧᠺᠰᠠᠨ᠋ᠳ᠋ᠷᠣᠸᠢᠴ ᠲᠷᠧᠲ᠋ᠢᠶᠠᠺ ᠮᠣᠩᠭ᠋ᠣᠯ ᠤᠯᠤᠰ ᠲᠤ ᠠᠢᠢᠯᠴᠢᠯᠠᠵᠤ ᠪᠠᠢᠢᠨ᠎ᠠ᠃

 

ᠠᠢᠢᠯᠴᠢᠯᠠᠯ ᠤᠨ ᠬᠦᠷᠢᠶᠡᠨ ᠳᠥ᠂ ᠮᠣᠩᠭ᠋ᠣᠯ-ᠣᠷᠣᠰ ᠬᠣᠶᠠᠷ ᠤᠯᠤᠰ ᠤᠨ ᠤᠷᠲᠤ ᠬᠤᠭᠤᠴᠠᠭᠠᠨ ᠤ ᠣᠯᠠᠨ ᠲᠠᠯᠠᠲᠤ ᠬᠠᠮᠲᠤ ᠢᠢᠨ ᠠᠵᠢᠯᠯᠠᠭ᠎ᠠ᠂ ᠲᠡᠷᠡ ᠳᠤᠮᠳᠠ ᠪᠠᠨ ᠡᠪᠦᠯ ᠦᠨ ᠰᠫᠣᠷᠲ ᠢ ᠮᠣᠩᠭ᠋ᠣᠯ ᠤᠯᠤᠰ ᠲᠤ ᠬᠥᠭ᠍ᠵᠢᠭᠦᠯᠬᠦ ᠦᠢᠯᠡᠰ ᠲᠥ ᠦᠨᠡᠲᠡᠢ ᠬᠤᠪᠢ ᠨᠡᠮᠡᠷᠢ ᠣᠷᠣᠭᠤᠯᠵᠤ ᠪᠤᠢ ᠣᠷᠣᠰ ᠤᠨ ᠬᠣᠯᠪᠣᠭᠠᠨ ᠤ ᠤᠯᠤᠰ ᠤᠨ ᠲᠥᠷᠥ ᠢᠢᠨ ᠳ᠋ᠤᠢᠮ ᠤᠨ ᠭᠡᠰᠢᠭᠦᠨ᠂ ᠣᠷᠣᠰ ᠤᠨ ᠬᠣᠯᠪᠣᠭᠠᠨ ᠤ ᠤᠯᠤᠰ ᠤᠨ ᠬᠣᠺᠺᠧᠢ ᠢᠢᠨ ᠬᠣᠯᠪᠣᠭᠠᠨ ᠤ

thumbnail 18.9.01 Bayar
18.9.01 Bayar
ᠮᠣᠩᠭᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ ᠲᠥᠪ ᠠᠶᠢᠮᠠᠭ ᠤᠨ ᠰᠡᠷᠭᠦᠯᠡᠩ ᠰᠤᠮᠤ ᠶᠢᠨ ᠳᠤᠮᠳᠠ ᠰᠤᠷᠭᠠᠭᠤᠯᠢ ᠶᠢᠨ ᠬᠢᠴᠢᠶᠡᠯ ᠦᠨ ᠰᠢᠨ᠎ᠡ ᠵᠢᠯ ᠦᠨ ᠨᠡᠭᠡᠭᠡᠯᠲᠡ ᠳᠦ ᠣᠷᠣᠯᠴᠠᠯ᠎ᠠ

ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠥᠨᠥᠳᠥᠷ 2018-2019 ᠣᠨ ᠤ ᠬᠢᠴᠢᠶᠡᠯ ᠦᠨ ᠰᠢᠨ᠎ᠡ ᠵᠢᠯ ᠢ ᠲᠣᠬᠢᠶᠠᠯᠳᠤᠭᠤᠯᠤᠨ ᠲᠥᠪ ᠠᠢᠢᠮᠠᠭ ᠤᠨ ᠰᠡᠷᠭᠦᠯᠡᠩ ᠰᠤᠮᠤ ᠢᠢᠨ ᠳᠤᠮᠳᠠ ᠰᠤᠷᠭᠠᠭᠤᠯᠢ ᠢᠢᠨ ᠬᠢᠴᠢᠶᠡᠯ ᠦᠨ ᠰᠢᠨ᠎ᠡ ᠵᠢᠯ ᠦᠨ ᠨᠡᠭᠡᠭᠡᠯᠲᠡ ᠳᠥ ᠣᠷᠣᠯᠴᠠᠬᠤ ᠪᠠᠷ ᠲᠤᠰ ᠰᠤᠷᠭᠠᠭᠤᠯᠢ ᠳᠡᠭᠡᠷ᠎ᠡ ᠣᠴᠢᠯ᠎ᠠ᠃

 

ᠡᠨᠡ ᠵᠢᠯ ᠶᠡᠷᠦᠩᠬᠡᠢ ᠪᠣᠯᠪᠠᠰᠤᠷᠠᠯ ᠤᠨ 814 ᠰᠤᠷᠭᠠᠭᠤᠯᠢ ᠳᠤ 597.2 ᠮᠢᠩᠭ᠋ᠠᠨ ᠰᠤᠷᠤᠯᠴᠠᠭᠴᠢ ᠰᠤᠷᠤᠯᠴᠠᠬᠤ ᠪᠥᠭᠡᠳ ᠨᠡᠢᠢᠲᠡ ᠰᠤᠷᠭᠠᠭᠤᠯᠢ ᠢᠢᠨ 563 ᠨᠢ ᠬᠥᠳᠡᠭᠡ ᠣᠷᠣᠨ ᠨᠤᠲᠤᠭ ᠲᠤ᠂ 251 ᠨᠢ ᠨᠡᠢᠢᠰᠯᠡᠯ ᠳᠥ ᠦᠢᠯᠡ ᠠᠵᠢᠯᠯᠠᠭ᠎ᠠ ᠶᠠᠪᠤᠭᠤᠯᠬᠤ ᠶᠤᠮ᠃

 

ᠬᠠᠷᠢᠨ ᠰᠡᠷᠭᠦᠯᠡᠩ ᠰᠤᠮᠤ ᠢᠢᠨ ᠰᠤᠷᠭᠠᠭᠤᠯᠢ ᠳᠤ 2018-2019 ᠣᠨ ᠤ ᠬᠢᠴᠢᠶᠡᠯ ᠦᠨ ᠵᠢᠯ ᠳᠥ 1

thumbnail 18.8.30 Huuhed
18.8.30 Huuhed
ᠮᠣᠩᠭᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ ᠬᠡᠦᠬᠡᠳ ᠬᠠᠮᠠᠭᠠᠯᠠᠯ ᠤᠨ ᠠᠰᠠᠭᠤᠳᠠᠯ ᠢᠶᠠᠷ ᠲᠥᠷᠥ ᠶᠢᠨ ᠪᠠᠶᠢᠭᠤᠯᠤᠯᠭ᠎ᠠ ᠶᠢᠨ ᠤᠳᠤᠷᠢᠳᠤᠯᠭ᠎ᠠ ᠨᠤᠭᠤᠳ ᠲᠠᠢ ᠠᠭᠤᠯᠵᠠᠵᠤ᠂ ᠶᠠᠷᠢᠯᠴᠠᠪᠠ

ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠥᠨᠥᠳᠥᠷ ᠬᠡᠦᠬᠡᠳ ᠬᠠᠮᠠᠭᠠᠯᠠᠯ ᠤᠨ ᠠᠰᠠᠭᠤᠳᠠᠯ ᠢᠶᠠᠷ ᠲᠥᠷᠥ ᠢᠢᠨ ᠪᠠᠢᠢᠭᠤᠯᠤᠯᠭ᠎ᠠ ᠢᠢᠨ ᠤᠳᠤᠷᠢᠳᠤᠯᠭ᠎ᠠ ᠨᠤᠭᠤᠳ ᠲᠠᠢ ᠠᠭᠤᠯᠵᠠᠵᠤ᠂ ᠶᠠᠷᠢᠯᠴᠠᠯ᠎ᠠ᠃

 

ᠡᠢᠢᠨ ᠬᠦ ᠠᠭᠤᠯᠵᠠᠬᠤ ᠪᠣᠯᠤᠭᠰᠠᠨ ᠰᠢᠯᠲᠠᠭᠠᠨ ᠨᠢ ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ 2018 ᠣᠨ ᠤ ᠵᠢᠷᠭᠤᠳᠤᠭᠠᠷ ᠰᠠᠷ᠎ᠠ ᠢᠢᠨ 28 ᠍ ᠤ ᠡᠳᠦᠷ ᠦᠨ ᠤᠯᠤᠰ ᠤᠨ ᠶᠡᠬᠡ ᠬᠤᠷᠠᠯ ᠤᠨ ᠴᠢᠭᠤᠯᠭᠠᠨ ᠤ ᠨᠢᠭᠡᠳᠦᠭᠰᠡᠨ ᠬᠤᠷᠠᠯᠳᠤᠭᠠᠨ ᠳᠤ ᠣᠷᠣᠯᠴᠠᠬᠤ ᠳᠤ ᠪᠠᠨ ᠬᠡᠦᠬᠡᠳ ᠬᠠᠮᠠᠭᠠᠯᠠᠯ ᠤᠨ ᠠᠰᠠᠭᠤᠳᠠᠯ ᠢᠶᠠᠷ ᠲᠥᠷᠦ ᠢᠢᠨ ᠪᠠᠢᠢᠭᠤᠯᠤᠯᠭ᠎ᠠ ᠨᠤᠭᠤᠳ ᠲᠤ ᠡᠭᠦᠷᠭᠡ᠂ ᠴᠢᠭᠯᠡᠯ ᠥᠭᠭᠦᠭ᠍ᠰᠡᠨ ᠲᠡᠢ᠂ ᠮᠥᠨ 2018-2019 ᠣᠨ ᠤ ᠬᠢᠴᠢᠶᠡᠯ ᠦᠨ ᠰᠢᠨ᠎ᠡ ᠵᠢᠯ ᠡᠬᠢᠯᠡᠬᠦ ᠭᠡᠵᠦ ᠪᠤᠢ ᠲᠠᠢ ᠬᠣᠯᠪᠣᠭ᠎ᠠ ᠲᠠᠢ ᠶᠤᠮ᠃

 

ᠮᠣᠩᠭ᠋ᠣᠯ ᠤᠯᠤᠰ ᠤᠨ

thumbnail 18.8.26 Emch1
18.8.26 Emch1
ᠮᠣᠩᠭᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ ᠮᠣᠩᠭᠣᠯ ᠤᠨ ᠡᠮᠴᠢ ᠨᠠᠷ ᠢ ᠰᠤᠷᠭᠠᠵᠤ᠂ ᠳᠠᠳᠤᠯᠭᠠᠵᠢᠭᠤᠯᠬᠤ ᠳᠤ ᠴᠢᠨᠠᠭᠰᠢᠳᠠ ᠤᠯᠠᠮ ᠪᠦᠷ ᠠᠩᠬᠠᠷᠤᠭᠠᠰᠠᠢ ᠬᠡᠮᠡᠨ ᠬᠦᠰᠡᠯ᠎ᠡ

ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠥᠨᠥᠳᠥᠷ ᠬᠣᠭᠣᠯᠠ ᠪᠣᠯᠪᠠᠰᠤᠷᠠᠭᠤᠯᠬᠤ ᠵᠠᠮ ᠤᠨ ᠮᠡᠰᠡ ᠵᠠᠰᠠᠯ᠂ ᠡᠮᠴᠢᠯᠡᠭᠡᠨ ᠦ ᠲᠤᠬᠠᠢ ᠶᠠᠫᠣᠨ-ᠮᠣᠩᠭ᠋ᠣᠯ ᠤᠨ ᠬᠠᠮᠲᠤᠷᠠᠭᠰᠠᠨ 10 ᠳ᠋ᠠᠬᠢ ᠤᠳᠠᠭ᠎ᠠ ᠢᠢᠨ ᠣᠯᠠᠨ ᠤᠯᠤᠰ ᠤᠨ ᠬᠤᠷᠠᠯ ᠳᠤ ᠣᠷᠣᠯᠴᠠᠬᠤ ᠪᠠᠷ ᠢᠷᠡᠭᠰᠡᠨ ᠳ᠋ᠣᠺᠲ᠋ᠣᠷ᠂ ᠫᠷᠣᠹᠧᠰᠰᠣᠷ ᠤᠳ ᠢ ᠲᠥᠷᠥ ᠢᠢᠨ ᠣᠷᠳᠣᠨ ᠳᠤ ᠬᠦᠯᠢᠶᠡᠨ ᠠᠪᠴᠤ ᠠᠭᠤᠯᠵᠠᠯ᠎ᠠ᠃

 

ᠠᠭᠤᠯᠵᠠᠯᠲᠠ ᠢᠢᠨ ᠡᠬᠢᠨ ᠳᠥ ᠬᠠᠪᠤᠳᠠᠷ ᠰᠤᠳᠤᠯᠤᠯ ᠤᠨ ᠦᠨᠳᠦᠰᠦᠨ ᠦ ᠲᠥᠪ ᠦᠨ ᠶᠡᠷᠦᠩᠬᠡᠢ ᠵᠠᠬᠢᠷᠤᠯ ᠵ ∙ ᠴᠢᠩᠪᠦᠢᠷᠢᠨ 10 ᠳ᠋ᠠᠬᠢ ᠤᠳᠠᠭ᠎ᠠ ᠢᠢᠨ ᠣᠯᠠᠨ ᠤᠯᠤᠰ ᠤᠨ ᠬᠤᠷᠠᠯ ᠢ ᠮᠣᠩᠭ᠋ᠣᠯ ᠤᠯᠤᠰ ᠤᠨ ᠶᠡᠷᠦᠩᠬᠡᠢᠢᠯᠡᠭᠴᠢ ᠢᠢᠨ ᠢᠪᠡᠭᠡᠯ ᠳᠦᠷ ᠵᠣᠬᠢᠶᠠᠨ ᠪᠠᠢᠢᠭᠤᠯᠵᠤ ᠪᠤᠢ ᠳᠤ ᠲᠠᠯᠠᠷᠬᠠᠯ ᠢᠯᠡᠷᠬᠡᠢᠢᠯᠡᠭᠡᠳ ᠬᠤᠷᠠᠯ ᠤᠨ ᠴᠠᠷ᠎ᠠ ᠬᠦᠷᠢᠶ᠎ᠡ ᠵᠢᠯ

thumbnail 18.8.25 Japan
18.8.25 Japan
ᠮᠣᠩᠭᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ ᠶᠠᠫᠣᠨ-ᠮᠣᠩᠭᠣᠯ ᠤᠨ ᠬᠠᠮᠲᠤᠷᠠᠭᠰᠠᠨ ᠣᠯᠠᠨ ᠤᠯᠤᠰ ᠤᠨ ᠣᠨᠣᠯ ᠫᠷᠠᠺᠲ᠋ᠢᠭ ᠤᠨ ᠬᠤᠷᠠᠯ ᠳᠤ ᠣᠷᠣᠯᠴᠠᠵᠤ᠂ ᠦᠭᠡ ᠬᠡᠯᠡᠯ᠎ᠡ

ᠬᠣᠭᠣᠯᠠ ᠪᠣᠯᠪᠠᠰᠤᠷᠠᠭᠤᠯᠬᠤ ᠵᠠᠮ ᠤᠨ ᠮᠡᠰᠡ ᠵᠠᠰᠠᠯ᠂ ᠡᠮᠴᠢᠯᠡᠭᠡᠨ ᠦ ᠲᠤᠬᠠᠢ ᠶᠠᠫᠣᠨ-ᠮᠣᠩᠭ᠋ᠣᠯ ᠤᠨ ᠬᠠᠮᠲᠤᠷᠠᠭᠰᠠᠨ 10 ᠳ᠋ᠠᠬᠢ ᠤᠳᠠᠭ᠎ᠠ ᠢᠢᠨ ᠣᠯᠠᠨ ᠤᠯᠤᠰ ᠤᠨ ᠬᠤᠷᠠᠯ ᠨᠠᠢᠢᠮᠠᠳᠤᠭᠠᠷ ᠰᠠᠷ᠎ᠠ ᠢᠢᠨ 23-25 ᠍ ᠤ ᠡᠳᠦᠷ ᠦᠳ ᠲᠥ ᠤᠯᠠᠭᠠᠨᠪᠠᠭᠠᠲᠤᠷ ᠬᠣᠲᠠ ᠳᠤ ᠵᠣᠬᠢᠶᠠᠨ ᠪᠠᠢᠢᠭᠤᠯᠤᠭᠳᠠᠵᠤ ᠪᠠᠢᠢᠨ᠎ᠠ᠃ ᠡᠨᠡ ᠵᠢᠯ ᠦᠨ ᠣᠯᠠᠨ ᠤᠯᠤᠰ ᠤᠨ ᠬᠤᠷᠠᠯ 《ᠡᠯᠢᠭᠡ᠂ ᠰᠥᠰᠥ᠂ ᠨᠣᠢᠢᠷ ᠪᠤᠯᠴᠢᠷᠬᠠᠢ ᠢᠢᠨ ᠬᠣᠣᠷᠲᠤ ᠬᠠᠪᠤᠳᠠᠷ ᠤᠨ ᠣᠷᠴᠢᠨ ᠦᠶ᠎ᠡ ᠢᠢᠨ ᠣᠨᠣᠰᠢᠯᠠᠭ᠎ᠠ ᠡᠮᠴᠢᠯᠡᠭᠡ》 ᠰᠡᠳᠦᠪ ᠢᠶᠡᠷ ᠮᠣᠩᠭ᠋ᠣᠯ ᠤᠯᠤᠰ ᠤᠨ ᠶᠡᠷᠦᠩᠬᠡᠢᠢᠯᠡᠭᠴᠢ ᠢᠢᠨ ᠢᠪᠡᠭᠡᠯ ᠳᠦᠷ ᠵᠣᠬᠢᠶᠠᠨ ᠪᠠᠢᠢᠭᠤᠯᠤᠭᠳᠠᠵᠤ ᠪᠠᠢᠢᠭ᠎ᠠ ᠶᠤᠮ᠃ ᠥᠩᠭᠡᠷᠡᠭᠰᠡᠨ ᠡᠳᠦᠷ ᠦᠳ ᠲᠥ ᠶᠠᠫᠣᠨ᠂ ᠰᠣᠯᠣᠩᠭ᠋ᠣᠰ᠂ ᠡᠨᠡᠳᠬᠡᠭ᠌᠂ ᠺᠠᠽᠠᠭᠰᠲ᠋ᠠᠨ᠂ ᠣᠷᠣᠰ ᠤᠨ ᠬᠣᠯᠪᠣᠭᠠᠨ ᠤ ᠤᠯᠤᠰ ᠪᠣᠯᠤᠨ ᠮᠣᠩᠭ᠋ᠣᠯ

thumbnail 18.8.24 China1
18.8.24 China1
ᠪᠦᠭᠦᠳᠡ ᠨᠠᠶᠢᠷᠠᠮᠳᠠᠬᠤ ᠬᠢᠲᠠᠳ ᠠᠷᠠᠳ ᠤᠯᠤᠰ ᠤᠨ ᠲᠥᠷᠥ ᠶᠢᠨ ᠵᠥᠪᠯᠡᠯ ᠦᠨ ᠭᠡᠰᠢᠭᠦᠨ᠂ ᠭᠠᠳᠠᠭᠠᠳᠤ ᠬᠡᠷᠡᠭ ᠦᠨ ᠰᠠᠶᠢᠳ ᠸᠠᠩ ᠶᠢ ᠮᠣᠩᠭᠣᠯ ᠤᠯᠤᠰ ᠤᠨ ᠶᠡᠷᠦᠩᠬᠡᠶᠢᠯᠡᠭᠴᠢ ᠬ ∙ ᠪᠠᠲᠤᠲᠤᠯᠭ᠎ᠠ ᠳᠤ ᠪᠠᠷᠠᠭᠠᠯᠬᠠᠪᠠ

ᠮᠣᠩᠭ᠋ᠣᠯ ᠤᠯᠤᠰ ᠤᠨ ᠭᠠᠳᠠᠭᠠᠳᠤ ᠬᠠᠷᠢᠯᠴᠠᠭᠠᠨ ᠤ ᠰᠠᠢᠢᠳ ᠲ ∙ ᠴᠣᠭᠲᠤᠪᠠᠭᠠᠲᠤᠷ ᠤᠨ ᠤᠷᠢᠯᠭ᠎ᠠ ᠪᠠᠷ ᠮᠣᠩᠭ᠋ᠣᠯ ᠤᠯᠤᠰ ᠲᠤ ᠠᠯᠪᠠᠨ ᠠᠢᠢᠯᠴᠢᠯᠠᠯ ᠬᠢᠵᠦ ᠪᠤᠢ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠲᠥᠷᠥ ᠢᠢᠨ ᠵᠥᠪᠯᠡᠯ ᠦᠨ ᠭᠡᠰᠢᠭᠦᠨ᠂ ᠭᠠᠳᠠᠭᠠᠳᠤ ᠬᠡᠷᠡᠭ ᠦᠨ ᠰᠠᠢᠢᠳ ᠸᠠᠩ ᠶᠢ ᠥᠨᠥᠳᠥᠷ ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠳᠤ ᠪᠠᠷᠠᠭᠠᠯᠬᠠᠯ᠎ᠠ᠃

 

ᠨᠣᠶᠠᠨ ᠸᠠᠩ ᠶᠢ ᠠᠭᠤᠯᠵᠠᠯᠲᠠ ᠢᠢᠨ ᠡᠬᠢᠨ ᠳᠥ ᠪᠦᠭᠦᠳᠡ ᠨᠠᠢᠢᠷᠠᠮᠳᠠᠬᠤ ᠬᠢᠲᠠᠳ ᠠᠷᠠᠳ ᠤᠯᠤᠰ ᠤᠨ ᠳᠠᠷᠤᠭ᠎ᠠ ᠱᠢ ᠵᠢᠨᠫᠢᠨ ᠦ ᠮᠡᠨᠳᠦᠴᠢᠯᠡᠭᠡ ᠢᠢ ᠮᠣᠩᠭ᠋ᠣᠯ ᠤᠯᠤᠰ ᠤᠨ ᠶᠡᠷᠦᠩᠬᠡᠢᠢᠯᠡᠭᠴᠢ ᠬ ∙ ᠪᠠᠲᠤᠲᠤᠯᠭ᠎ᠠ ᠳᠤ ᠤᠯᠠᠮᠵᠢᠯᠠᠭᠠᠳ᠂ ᠡᠢᠢᠨ ᠬᠦ ᠬᠦᠯᠢᠶᠡᠨ ᠠᠪᠴᠤ