ᠭᠠᠵᠠᠷ ᠢ ᠭᠠᠳᠠᠭᠠᠳᠤ ᠢᠢᠨ ᠢᠷᠭᠡᠨ᠂ ᠠᠵᠤ ᠠᠬᠤᠢ ᠢᠢᠨ ᠨᠢᠭᠡᠴᠡ ᠳᠥ ᠡᠵᠡᠮᠰᠢᠭᠦᠯᠦᠭᠰᠡᠨ ᠠᠰᠠᠭᠤᠳᠠᠯ ᠢ ᠶᠠᠭᠠᠷᠠᠯᠲᠠᠢ ᠰᠢᠯᠭᠠᠬᠤ ᠢᠢ ᠵᠠᠰᠠᠭ ᠤᠨ ᠭᠠᠵᠠᠷ ᠲᠤ ᠴᠢᠭᠯᠡᠯ ᠪᠣᠯᠭᠠᠪᠠ
ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠬᠡᠪᠯᠡᠯ ᠦᠨ ᠲᠥᠯᠦᠭᠡᠯᠡᠭᠴᠢ ᠥ᠊᠂ ᠵᠣᠯᠪᠠᠶᠠᠷ᠂ ᠬᠠᠤᠯᠢ ᠵᠦᠢ ᠢᠢᠨ ᠪᠣᠳᠣᠯᠭ᠎ᠠ ᠢᠢᠨ ᠵᠥᠪᠯᠡᠬᠦ ᠠ᠊᠂ ᠪᠢᠮᠪᠠᠵᠢᠷᠭᠠᠯ ᠨᠠᠷ ᠴᠠᠭ ᠦᠶ᠎ᠡ ᠢᠢᠨ ᠠᠰᠠᠭᠤᠳᠠᠯ ᠢᠶᠠᠷ ᠮᠡᠳᠡᠭᠡᠯᠡᠯ ᠬᠢᠪᠡ᠃
ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠪᠣᠳᠣᠯᠭ᠎ᠠ ᠢᠢᠨ ᠦᠨᠳᠦᠰᠦᠨ ᠴᠥᠮ᠎ᠡ ᠳᠥ ᠤᠯᠤᠰ ᠤᠨ ᠲᠤᠰᠠᠭᠠᠷ ᠲᠣᠭᠲᠠᠨᠢᠯ᠂ ᠪᠦᠷᠢᠨ ᠡᠷᠬᠡᠲᠦ ᠪᠠᠢᠢᠳᠠᠯ᠂ ᠦᠨᠳᠦᠰᠦᠨ ᠦ ᠠᠶᠤᠯ ᠦᠭᠡᠢ ᠪᠠᠢᠢᠳᠠᠯ᠂ ᠦᠨᠳᠦᠰᠦᠨ ᠦ ᠡᠪ ᠨᠢᠭᠡᠳᠦᠯ ᠪᠠᠢᠢᠳᠠᠭ ᠢ ᠶᠡᠷᠦᠩᠬᠡᠢᠢᠯᠡᠭᠴᠢ ᠢᠢᠨ ᠬᠡᠪᠯᠡᠯ ᠦᠨ ᠲᠥᠯᠥᠭᠡᠯᠡᠭᠴᠢ ᠥ᠊᠂ ᠵᠣᠯᠪᠠᠶᠠᠷ ᠬᠡᠯᠡᠪᠡ᠃
ᠲᠡᠷᠡ ᠪᠡᠷ᠂ ᠮᠣᠩ᠋ᠭᠣᠯ ᠤᠯᠤᠰ ᠤᠨ ᠦᠨᠳᠦᠰᠦᠨ ᠬᠠᠤᠯᠢ᠂ ᠪᠤᠰᠤᠳ ᠬᠠᠤᠯᠢ ᠲᠣᠭᠲᠠᠭᠠᠮᠵᠢ ᠢᠢ ᠢᠯᠡᠳᠲᠡ ᠵᠥᠷᠴᠢᠨ ᠡᠮᠦᠨᠡᠭᠣᠪᠢ ᠠᠢᠢᠮᠠᠭ ᠤᠨ ᠭᠠᠵᠠᠷ ᠨᠤᠲᠤᠭ ᠢ ᠭᠠᠳᠠᠭᠠᠳᠤ ᠢᠢᠨ ᠢᠷᠭᠡᠨ᠂ ᠬᠠᠤᠯᠢ ᠢᠢᠨ