Та "Internet explorer"-ийн сүүлийн хувилбар болох "Microsoft edge"-г ашиглана уу

Хэрэв "Microsoft edge"-г татах бол энд дарж татаж авна уу

thumbnail 2025.06.13 Altanhuygiin Uilstugulduriig YK-iin Tamgiin gazriin dargaar tomilloo
2025.06.13 Altanhuygiin Uilstugulduriig YK-iin Tamgiin gazriin dargaar tomilloo
ᠠᠯᠲᠠᠩᠬᠤᠶᠠᠭ ᠤᠨ ᠦᠢᠯᠡᠰᠲᠡᠭᠦᠯᠳᠡᠷ ᠢ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠪᠠᠷ ᠲᠣᠮᠢᠯᠠᠯ᠎ᠠ

ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠵᠠᠬᠢᠷᠤᠮᠵᠢ ᠭᠠᠷᠭᠠᠨ᠂ ᠠᠯᠲᠠᠩᠬᠤᠶᠠᠭ ᠤᠨ ᠦᠢᠯᠡᠰᠲᠡᠭᠦᠯᠳᠡᠷ ᠢ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠪᠠᠷ ᠲᠣᠮᠢᠯᠠᠯ᠎ᠠ᠃

ᠠᠯᠲᠠᠩᠬᠤᠶᠠᠭ ᠤᠨ ᠦᠢᠯᠡᠰᠲᠡᠭᠦᠯᠳᠡᠷ ᠨᠢ:

1999-2003 ᠣᠨ ᠳᠤ ᠮᠣᠩ᠋ᠭᠤᠯ ᠤᠨ ᠦᠨᠳᠦᠰᠦᠨ ᠦ ᠣᠯᠠᠨ ᠨᠡᠶᠢᠲᠡ ᠶᠢᠨ ᠷᠠᠳᠢᠣ᠋ ᠲᠧᠯᠧᠸᠢᠽ ᠳ᠋ᠤ ᠬᠥᠲᠦᠯᠦᠭᠴᠢ᠂

2002-2006 ᠣᠨ ᠳᠤ «ᠤᠯᠠᠭᠠᠨᠪᠠᠭᠠᠲᠤᠷ» ᠷᠠᠳᠢᠣ᠋᠂ FM-101·7 ᠳ᠋ᠤ ᠬᠥᠲᠦᠯᠦᠭᠴᠢ᠂ ᠨᠠᠢᠢᠷᠠᠭᠤᠯᠤᠭᠴᠢ᠂

2006-2009 ᠣᠨ ᠳᠤ FM-104 ᠷᠠᠳᠢᠣ᠋ ᠳᠤ ᠵᠠᠬᠢᠷᠤᠯ᠂

2009-2011 ᠣᠨ ᠳᠤ ТВ-8 ᠲᠧᠯᠧᠸᠢᠽ ᠳᠥ ᠵᠠᠬᠢᠷᠤᠯ᠂

2011-2013 ᠣᠨ ᠳᠤ SEVEN ᠲᠧᠯᠧᠸᠢᠽ ᠳᠥ ᠵᠠᠬᠢᠷᠤᠯ᠂

2013-2014 ᠣᠨ ᠳᠤ ᠨᠡᠶᠢᠭᠡᠮ ᠦᠨ ᠠᠷᠠᠳᠴᠢᠯᠠᠯ ᠮᠣᠩ᠋ᠭᠤᠯ ᠤᠨ ᠵᠠᠯᠠᠭᠤᠴᠤᠳ ᠤᠨ ᠬᠣᠯᠪᠤᠭᠠᠨ ᠤ ᠬᠡᠪᠯᠡᠯ ᠮᠡᠳᠡᠭᠡᠯᠡᠯ᠂ ᠣᠯᠠᠨ ᠨᠡᠢᠢᠲᠡ ᠲᠡᠢ ᠬᠠᠷᠢᠯᠴᠠᠬᠤ ᠬᠡᠯᠲᠡᠰ ᠦᠨ ᠳᠠᠷᠤᠭ᠎ᠠ᠂

2016 ᠣᠨ ᠠᠴᠠ ᠨᠡᠶᠢᠭᠡᠮ ᠦᠨ ᠠᠷᠠᠳᠴᠢᠯᠠᠯ ᠮᠣᠩ᠋ᠭᠤᠯ ᠤᠨ ᠵᠠᠯᠠᠭᠤᠴᠤᠳ ᠤᠨ

thumbnail 2025.06.10 Zandanshatariig YS-d tomiloh sanal oruullaa
2025.06.10 Zandanshatariig YS-d tomiloh sanal oruullaa
ᠭᠣ᠊·ᠽᠠᠨᠳᠠᠨᠰᠢᠲᠠᠷ᠎ᠠ ᠢᠢ ᠶᠡᠷᠦᠩᠬᠡᠶ ᠰᠠᠢᠢᠳ ᠢᠶᠠᠷ ᠲᠣᠮᠢᠯᠠᠬᠤ ᠰᠠᠨᠠᠯ ᠣᠷᠤᠭᠤᠯᠤᠯ᠎ᠠ

ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠦᠨᠳᠦᠰᠦᠨ ᠬᠠᠤᠯᠢ ᠢᠢᠨ ᠭᠤᠴᠢᠨ ᠶᠢᠰᠦ᠊ᠳ᠋ᠦᠭᠡᠷ ᠵᠦᠢᠯ ᠦᠨ 2 ᠳ᠋ᠠᠬᠢ ᠬᠡᠰᠡᠭ ᠲᠥ ᠵᠢᠭᠠᠭᠰᠠᠨ ᠤ ᠳᠠᠭᠠᠭᠤ ᠭᠣᠮᠪᠤᠵᠠᠪ ᠤᠨ ᠽᠠᠨᠳᠠᠨᠰᠢᠲᠠᠷ ᠠ ᠢᠢ ᠮᠣᠩ᠋ᠭᠤᠯ ᠤᠯᠤᠰ ᠤᠨ ᠶᠡᠷᠦᠩᠬᠡᠶ ᠰᠠᠢᠢᠳ ᠢᠶᠠᠷ ᠲᠣᠮᠢᠯᠠᠬᠤ ᠰᠠᠨᠠᠯ ᠢᠶᠠᠨ ᠤᠯᠤᠰ ᠤᠨ ᠶᠡᠬᠡ ᠬᠤᠷᠠᠯ ᠳᠤ ᠣᠷᠤᠭᠤᠯᠤᠯ᠎ᠠ᠃

ᠮᠣᠩ᠋ᠭᠤᠯ ᠠᠷᠠᠳ ᠤᠨ ᠨᠠᠮ ᠤᠨ ᠳᠣᠯᠤᠭᠠᠳ᠋ᠤᠭᠠᠷ ᠪᠠᠭ᠎ᠠ ᠬᠤᠷᠠᠯ ᠠᠴᠠ ᠲᠤᠰ ᠨᠠᠮ ᠤᠨ ᠤᠳᠤᠷᠢᠳᠬᠤ ᠵᠥᠪᠯᠡᠯ ᠦᠨ ᠭᠡᠰᠢᠭᠦᠨ ᠭᠣ᠊·ᠽᠠᠨᠳᠠᠨᠰᠢᠲᠠᠷ ᠠ ᠢᠢ ᠮᠣᠩ᠋ᠭᠤᠯ ᠤᠯᠤᠰ ᠤᠨ ᠶᠡᠷᠦᠩᠬᠡᠶ ᠰᠠᠢᠢᠳ ᠲᠤ ᠨᠡᠷ᠎ᠡ ᠳᠡᠪᠰᠢᠭᠦᠯᠬᠦ ᠪᠡᠷ ᠰᠢᠢᠳᠪᠦᠷᠢᠯᠡᠭᠰᠡᠨ᠃

ᠡᠨᠡ ᠳᠠᠭᠠᠭᠤ ᠮᠣᠩ᠋ᠭᠤᠯ ᠠᠷᠠᠳ ᠤᠨ ᠨᠠᠮ ᠤᠨ ᠶᠡᠷᠦᠩᠬᠡᠶ ᠨᠠᠷᠢᠨ ᠪᠢᠴᠢᠭ᠌ ᠦᠨ ᠳᠠᠷᠤᠭ᠎ᠠ ᠶᠠ᠊·ᠰᠣᠳᠤᠪᠠᠭᠠᠲᠤᠷ ᠶᠡᠷᠦᠩᠬᠡᠶ ᠰᠠᠢᠢᠳ ᠲᠤ ᠭᠣ᠊·ᠽᠠᠨᠳᠠᠨᠰᠢᠲᠠᠷ ᠠ ᠢᠢ ᠲᠣᠮᠢᠯᠠᠬᠤ ᠰᠠᠨᠠᠯ ᠢ ᠶᠡᠷᠦᠩᠬᠡᠢᠢᠯᠡᠭᠴᠢ ᠳᠥ

thumbnail 2025.06.06 YK Khurelsuh NUB-iin 8 dahi YNB-iin darga Ban Gi Muniig huleen awch uulzlaa 1
2025.06.06 YK Khurelsuh NUB-iin 8 dahi YNB-iin darga Ban Gi Muniig huleen awch uulzlaa 1
ᠶᠡᠷᠦᠩᠬᠡᠢᠢᠯᠡᠭᠴᠢ ᠤ·ᠬᠦᠷᠡᠯᠰᠦ᠋ᠬᠡ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ 8 ᠳ᠋ᠠᠬᠢ ᠶᠡᠷᠦᠩᠬᠡᠶ ᠨᠠᠷᠢᠨ ᠪᠢᠴᠢᠭ ᠦᠨ ᠳᠠᠷᠤᠭ᠎ᠠ ᠪᠠᠨ ᠻᠢ ᠮᠦᠨ ᠢ ᠬᠦᠯᠢᠶᠡᠨ ᠠᠪᠴᠤ ᠠᠭᠤᠯᠵᠠᠯ᠎ᠠ

ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ «ᠲᠣᠭᠲᠠᠪᠤᠷᠢ ᠲᠠᠢ ᠪᠠᠢᠢᠳᠠᠯ ᠤᠨ ᠶᠠᠷᠢᠶ᠎ᠠ ᠬᠡᠯᠡᠯᠴᠡᠭᠡ 2025 – ᠠᠭᠤᠷ ᠠᠮᠢᠰᠬᠤᠯ ᠤᠨ ᠥᠭᠡᠷᠡᠴᠢᠯᠡᠯᠲᠡ: ᠲᠡᠷᠪᠤᠮ ᠮᠣᠳᠤ» ᠴᠢᠭᠤᠯᠭ᠎ᠠ ᠠᠭᠤᠯᠵᠠᠯᠲᠠ ᠳᠤ ᠣᠷᠤᠯᠴᠠᠵᠤ ᠪᠤᠢ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ 8 ᠳ᠋ᠠᠬᠢ ᠶᠡᠷᠦᠩᠬᠡᠶ ᠨᠠᠷᠢᠨ ᠪᠢᠴᠢᠭ᠌ ᠦᠨ ᠳᠠᠷᠤᠭ᠎ᠠ᠂ «ᠪᠠᠨ ᠻᠢ ᠮᠦᠨ» ᠰᠠᠩ ᠤᠨ ᠲᠡᠷᠢᠭᠦᠨ᠂ «ᠴᠢᠩᠬᠢᠰ ᠬᠠᠭᠠᠨ» ᠲᠡᠷᠢᠭᠦᠨ ᠵᠡᠷᠭᠡ ᠢᠢᠨ ᠣᠳᠤᠨᠲᠤ ᠪᠠᠨ ᠻᠢ ᠮᠦᠨ ᠢ ᠬᠦᠯᠢᠶᠡᠨ ᠠᠪᠴᠤ ᠠᠭᠤᠯᠵᠠᠯ᠎ᠠ᠃

ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠶᠡᠷᠦᠩᠬᠡᠶ ᠨᠠᠷᠢᠨ ᠪᠢᠴᠢᠭ᠌ ᠦᠨ ᠳᠠᠷᠤᠭ᠎ᠠ ᠪᠠᠷ ᠠᠵᠢᠯᠯᠠᠵᠤ ᠪᠠᠢᠢᠬᠤ ᠳᠤ ᠪᠠᠨ ᠲᠣᠭᠲᠠᠪᠤᠷᠢ ᠲᠠᠢ ᠬᠥᠭ᠍ᠵᠢᠯ ᠦᠨ ᠵᠣᠷᠢᠯᠲᠠ ᠨᠤᠭᠤᠳ ᠢ ᠬᠡᠷᠡᠭᠵᠢᠭᠦᠯᠬᠦ᠂ ᠪᠠᠢᠢᠭᠠᠯᠢ ᠣᠷᠴᠢᠨ ᠢᠶᠠᠨ ᠬᠠᠮᠠᠭᠠᠯᠠᠬᠤ᠂

thumbnail 2025.06.06 MUYK Khurelsuh, NUB-iin 8 dahi Yrunhii nariin bichgiin darga Ban Gi Mun nar dursgaliin mod tarilaa 1
2025.06.06 MUYK Khurelsuh, NUB-iin 8 dahi Yrunhii nariin bichgiin darga Ban Gi Mun nar dursgaliin mod tarilaa 1
ᠮᠣᠩ᠋ᠭᠤᠯ ᠤᠯᠤᠰ ᠤᠨ ᠶᠡᠷᠦᠩᠬᠡᠢᠢᠯᠡᠭᠴᠢ ᠤ·ᠬᠦᠷᠡᠯᠰᠦ᠋ᠬᠡ᠂ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠨᠠᠢᠮᠠ ᠳ᠋ᠠᠬᠢ ᠶᠡᠷᠦᠩᠬᠡᠶ ᠨᠠᠷᠢᠨ ᠪᠢᠴᠢᠭ ᠦᠨ ᠳᠠᠷᠤᠭ᠎ᠠ ᠪᠠᠨ ᠻᠢ ᠮᠦᠨ ᠨᠠᠷ ᠳᠤᠷᠠᠰᠬᠠᠯ ᠤᠨ ᠮᠣᠳᠤ ᠲᠠᠷᠢᠯ᠎ᠠ

ᠮᠣᠩ᠋ᠭᠤᠯ ᠤᠯᠤᠰ ᠤᠨ ᠶᠡᠷᠦᠩᠬᠡᠢᠢᠯᠡᠭᠴᠢ ᠢᠢᠨ ᠢᠪᠡᠭᠡᠯ ᠳᠣᠣᠷ᠎ᠠ ᠵᠣᠬᠢᠶᠠᠨ ᠪᠠᠢᠢᠭᠤᠯᠵᠤ ᠪᠤᠢ «ᠲᠣᠭᠲᠠᠪᠤᠷᠢ ᠲᠠᠢ ᠪᠠᠢᠢᠳᠠᠯ ᠤᠨ ᠶᠠᠷᠢᠶ᠎ᠠ ᠬᠡᠯᠡᠯᠴᠡᠭᠡ 2025 – ᠠᠭᠤᠷ ᠠᠮᠢᠰᠬᠤᠯ ᠤᠨ ᠥᠭᠡᠷᠡᠴᠢᠯᠡᠯᠲᠡ: ᠲᠡᠷᠪᠤᠮ ᠮᠣᠳᠤ» ᠴᠢᠭᠤᠯᠭ᠎ᠠ ᠠᠭᠤᠯᠵᠠᠯᠲᠠ ᠦᠷᠭᠦᠯᠵᠢᠯᠡᠵᠦ ᠪᠠᠢᠢᠨ᠎ᠠ᠃

ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ᠂ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠨᠠᠢᠮᠠ ᠳ᠋ᠠᠬᠢ ᠶᠡᠷᠦᠩᠬᠡᠶ ᠨᠠᠷᠢᠨ ᠪᠢᠴᠢᠭ᠌ ᠦᠨ ᠳᠠᠷᠤᠭ᠎ᠠ ᠪᠠᠨ ᠻᠢ ᠮᠦᠨ ᠨᠠᠷ «ᠲᠡᠷᠪᠤᠮ ᠮᠣᠳᠤ» ᠦᠨᠳᠦᠰᠦᠨ ᠦ ᠬᠥᠳᠡᠯᠭᠡᠭᠡᠨ ᠦ ᠬᠦᠷᠢᠶᠡᠨ ᠳᠥ ᠥᠨᠦᠳᠦᠷ ᠦᠨᠳᠦᠰᠦᠨ ᠦ ᠴᠡᠴᠡᠷᠯᠢᠭᠲᠥ ᠬᠦᠷᠢᠶᠡᠯᠡᠩ ᠦᠨ ᠡᠩᠬᠡ ᠢᠢ ᠰᠠᠬᠢᠭᠤᠯᠤᠭᠴᠢᠳ ᠤᠨ ᠲᠥᠭᠡᠯ ᠳᠥ ᠳᠤᠷᠠᠰᠬᠠᠯ ᠤᠨ ᠮᠣᠳᠤ ᠲᠠᠷᠢᠯ᠎ᠠ᠃

ᠮᠣᠩ᠋ᠭᠤᠯ ᠤᠯᠤᠰ ᠤᠨ ᠶᠡᠷᠦᠩᠬᠡᠢᠢᠯᠡᠭᠴᠢ ᠤ·ᠬᠦᠷᠡᠯᠰᠦ᠋ᠬᠡ ᠡᠨᠡ ᠦᠶ᠎ᠡ ᠪᠡᠷ

thumbnail 2025.06.06 Uur amisgaliin uurchlultiin esreg negen zorilgo, negdmel husel temuulleer hamtran zutgehiig uriallaa 1
2025.06.06 Uur amisgaliin uurchlultiin esreg negen zorilgo, negdmel husel temuulleer hamtran zutgehiig uriallaa 1
ᠠᠭᠤᠷ ᠠᠮᠢᠰᠬᠤᠯ ᠤᠨ ᠥᠭᠡᠷᠡᠴᠢᠯᠡᠯᠲᠡ ᠢᠢᠨ ᠡᠰᠡᠷᠭᠦ ᠨᠢᠭᠡᠨ ᠵᠣᠷᠢᠯᠭ᠎ᠠ᠂ ᠨᠢᠭᠡᠳᠦᠮᠡᠯ ᠬᠦᠰᠡᠯ ᠲᠡᠮᠡᠦᠯᠦᠯ ᠢᠶᠡᠷ ᠬᠠᠮᠲᠤᠷᠠᠨ ᠵᠢᠳᠬᠦᠬᠦ ᠢᠢ ᠤᠷᠢᠶᠠᠯᠠᠯ᠎ᠠ

ᠮᠣᠩ᠋ᠭᠤᠯ ᠤᠯᠤᠰ ᠤᠨ ᠶᠡᠷᠦᠩᠬᠡᠢᠢᠯᠡᠭᠴᠢ ᠢᠢᠨ ᠢᠪᠡᠭᠡᠯ ᠳᠣᠣᠷ᠎ᠠ «ᠲᠣᠭᠲᠠᠪᠤᠷᠢ ᠲᠠᠢ ᠪᠠᠢᠢᠳᠠᠯ ᠤᠨ ᠶᠠᠷᠢᠶ᠎ᠠ ᠬᠡᠯᠡᠯᠴᠡᠭᠡ 2025 – ᠠᠭᠤᠷ ᠠᠮᠢᠰᠬᠤᠯ ᠤᠨ ᠥᠭᠡᠷᠡᠴᠢᠯᠡᠯᠲᠡ: ᠲᠡᠷᠪᠤᠮ ᠮᠣᠳᠤ» ᠴᠢᠭᠤᠯᠭ᠎ᠠ ᠠᠭᠤᠯᠵᠠᠯᠲᠠ ᠲᠥᠷᠦ ᠢᠢᠨ ᠣᠷᠳᠤᠨ ᠳᠤ ᠪᠣᠯᠵᠤ ᠪᠠᠢᠢᠨ᠎ᠠ᠃

ᠴᠢᠭᠤᠯᠭ᠎ᠠ ᠠᠭᠤᠯᠵᠠᠯᠲᠠ ᠨᠢ ᠮᠣᠩ᠋ᠭᠤᠯ ᠤᠯᠤᠰ ᠲᠤ ᠠᠭᠤᠷ ᠠᠮᠢᠰᠬᠤᠯ ᠤᠨ ᠴᠢᠭᠯᠡᠯ ᠢᠶᠡᠷ ᠬᠡᠷᠡᠭᠵᠢᠭᠦᠯᠵᠦ ᠪᠤᠢ ᠪᠣᠳᠤᠯᠭ᠎ᠠ᠂ ᠠᠷᠭ᠎ᠠ ᠬᠡᠮᠵᠢᠶᠡᠨ ᠦ ᠤᠶᠠᠯᠳᠤᠭ᠎ᠠ ᠢᠢ ᠬᠠᠩ᠋ᠭᠠᠬᠤ᠂ ᠬᠥᠷᠦᠩ᠋ᠭᠡ ᠣᠷᠤᠭᠤᠯᠤᠯᠲᠠ ᠲᠠᠲᠠᠬᠤ᠂ ᠣᠯᠠᠨ ᠲᠠᠯᠠᠲᠤ ᠣᠷᠣᠯᠴᠠᠭᠴᠢᠳ ᠤᠨ ᠬᠠᠮᠲᠤ ᠢᠢᠨ ᠠᠵᠢᠯᠯᠠᠭ᠎ᠠ ᠢᠢ ᠪᠡᠬᠢᠵᠢᠭᠦᠯᠬᠦ᠂ ᠰᠢᠨᠡᠯᠢᠭ ᠰᠠᠨᠠᠭᠠᠴᠢᠯᠠᠭ᠎ᠠ ᠢᠢ ᠳᠡᠮᠵᠢᠬᠦ ᠲᠠᠯᠠᠪᠤᠷ ᠪᠣᠯᠬᠤ ᠶᠤᠮ᠃

ᠮᠥᠨ ᠪᠠᠢᠢᠭᠠᠯᠢ ᠣᠷᠴᠢᠨ᠂ ᠠᠭᠤᠷ ᠠᠮᠢᠰᠬᠤᠯ ᠤᠨ ᠥᠭᠡᠷᠡᠴᠢᠯᠡᠯᠲᠡ ᠡᠴᠡ ᠡᠭᠦᠳᠦᠨ ᠭᠠᠷᠴᠤ ᠪᠤᠢ ᠨᠡᠢᠢᠲᠡᠯᠢᠭ

thumbnail 2025.06.05 Olon ulsiin prokuroruud tsahim orchin dahi gemt heregtei hamtran temtsene 1
2025.06.05 Olon ulsiin prokuroruud tsahim orchin dahi gemt heregtei hamtran temtsene 1
ᠣᠯᠠᠨ ᠤᠯᠤᠰ ᠤᠨ ᠫᠷᠣᠻᠦ᠋ᠷᠤᠷ ᠤᠳ ᠴᠠᠬᠢᠮ ᠣᠷᠴᠢᠨ ᠳ᠋ᠠᠬᠢ ᠭᠡᠮᠲᠦ ᠬᠡᠷᠡᠭ ᠲᠡᠢ ᠬᠠᠮᠲᠤᠷᠠᠨ ᠲᠡᠮᠡᠴᠡᠨ᠎ᠡ

ᠣᠯᠠᠨ ᠤᠯᠤᠰ ᠤᠨ ᠫᠷᠣᠻᠦ᠋ᠷᠤᠷ ᠤᠳ ᠤᠨ ᠬᠣᠯᠪᠤᠭᠠᠨ ᠤ ᠵᠡᠭᠦᠨ ᠧᠦ᠋ᠷᠣᠫᠠ᠂ ᠲᠥᠪ ᠠᠽᠢ ᠢᠢᠨ ᠪᠦᠰᠡ ᠨᠤᠲᠤᠭ ᠤᠨ 10 ᠳ᠋ᠠᠬᠢ ᠤᠳᠠᠭ᠎ᠠ ᠢᠢᠨ ᠪᠠᠭ᠎ᠠ ᠬᠤᠷᠠᠯ ᠱᠠᠩᠷᠢ-ᠯᠠ ᠵᠣᠴᠢᠳ ᠪᠠᠭᠤᠳᠠᠯ ᠳᠤ ᠪᠣᠯᠵᠤ ᠪᠠᠢᠢᠨ᠎ᠠ᠃

«ᠫᠷᠣᠻᠦ᠋ᠷᠤᠷ ᠤᠨ ᠡᠭᠦᠷᠭᠡ᠂ ᠣᠷᠤᠯᠴᠠᠭᠠᠨ ᠤ ᠬᠤᠪᠢᠰᠤᠯ: ᠴᠠᠬᠢᠮ ᠣᠷᠴᠢᠨ ᠳ᠋ᠠᠬᠢ ᠭᠡᠮᠲᠦ ᠬᠡᠷᠡᠭ ᠲᠡᠢ ᠲᠡᠮᠡᠴᠡᠬᠦ ᠰᠣᠷᠢᠯᠲᠠ ᠨᠤᠭᠤᠳ᠂ ᠰᠠᠢᠢᠨ ᠲᠤᠷᠰᠢᠯᠭ᠎ᠠ» ᠰᠡᠳᠦᠪ ᠦᠨ ᠳᠣᠣᠷ᠎ᠠ ᠪᠣᠯᠵᠤ ᠪᠤᠢ ᠬᠤᠷᠠᠯ ᠢ ᠮᠣᠩ᠋ᠭᠤᠯ ᠤᠯᠤᠰ ᠤᠨ ᠶᠡᠷᠦᠩᠬᠡᠢᠢᠯᠡᠭᠴᠢ ᠤ·ᠬᠦᠷᠡᠯᠰᠦ᠋ᠬᠡ ᠨᠡᠭᠡᠭᠡᠵᠦ ᠦᠭᠡ ᠬᠡᠯᠡᠯ᠎ᠡ᠃

ᠲᠡᠷᠡ ᠪᠡᠷ᠂ ᠴᠠᠬᠢᠮ ᠣᠷᠴᠢᠨ᠂ ᠻᠢᠪᠧᠷ ᠠᠶᠤᠯ ᠦᠭᠡᠢ ᠪᠠᠢᠢᠳᠠᠯ ᠤᠨ ᠡᠷᠦᠰᠳᠡᠯ ᠨᠢ ᠤᠯᠤᠰ ᠣᠷᠤᠨ ᠨᠤᠭᠤᠳ ᠤᠨ ᠬᠢᠯᠢ ᠬᠢᠵᠠᠭᠠᠷ ᠠᠴᠠ ᠦᠯᠦ ᠬᠠᠮᠢᠶᠠᠷᠴᠤ ᠫᠷᠣᠻᠦ᠋ᠷᠤᠷ ᠤᠨ ᠪᠠᠢᠢᠭᠤᠯᠤᠯᠭ᠎ᠠ ᠨᠤᠭᠤᠳ ᠤᠨ

thumbnail 2025.06.04 Buh tsergiin Ih har suldiig tsenguuleh tailgiin yslol bolloo 1
2025.06.04 Buh tsergiin Ih har suldiig tsenguuleh tailgiin yslol bolloo 1
ᠪᠦᠬᠦ ᠴᠡᠷᠢᠭ ᠦᠨ ᠶᠡᠬᠡ ᠬᠠᠷ᠎ᠠ ᠰᠦᠯᠳᠡ ᠢᠢ ᠴᠡᠩ᠋ᠭᠡᠭᠦᠯᠬᠦ ᠲᠠᠢᠢᠯᠭ᠎ᠠ ᠢᠢᠨ ᠶᠣᠰᠤᠯᠠᠯ ᠪᠣᠯᠤᠯ᠎ᠠ

ᠪᠢᠯᠢᠭ᠌ ᠦᠨ ᠲᠣᠭᠠᠯᠠᠯ ᠤᠨ XVII ᠵᠢᠷᠠᠨ ᠤ «ᠡᠯᠳᠡᠪ ᠡᠷᠳᠡᠨᠢᠲᠦ» ᠬᠡᠮᠡᠬᠦ ᠮᠣᠳᠤᠨ ᠮᠣᠭᠠᠶ ᠵᠢᠯ ᠦᠨ ᠵᠤᠨ ᠤ ᠲᠡᠷᠢᠭᠦᠨ ᠰᠠᠷ᠎ᠠ ᠢᠢᠨ ᠴᠠᠭᠠᠭᠴᠢᠨ ᠮᠣᠭᠠᠶ ᠰᠠᠷ᠎ᠠ ᠢᠢᠨ ᠰᠢᠨ᠎ᠡ ᠢᠢᠨ 09 ᠦ ᠭᠤᠷᠪᠠᠨ ᠬᠥᠬᠡ ᠮᠡᠩ᠋ᠭᠡ ᠲᠡᠢ ᠬᠥᠬᠡ ᠯᠤᠤ ᠡᠳᠦᠷ ᠦᠨ ᠮᠣᠷᠢᠨ ᠴᠠᠭ ᠲᠤ (2025·06·04) ᠪᠦᠬᠦ ᠴᠡᠷᠢᠭ ᠦᠨ ᠶᠡᠬᠡ ᠬᠠᠷ᠎ᠠ ᠰᠦᠯᠳᠡ ᠢᠢ ᠴᠡᠩ᠋ᠭᠡᠭᠦᠯᠬᠦ ᠲᠠᠢᠢᠯᠭ᠎ᠠ ᠢᠢᠨ ᠶᠣᠰᠤᠯᠠᠯ ᠲᠥᠪ ᠠᠢᠢᠮᠠᠭ ᠤᠨ ᠡᠷᠳᠡᠨᠢ ᠰᠤᠮᠤ ᠢᠢᠨ ᠨᠤᠲᠤᠭ ᠳ᠋ᠠᠬᠢ ᠠᠭᠤᠢᠢᠳᠤ ᠠᠭᠤᠯᠠ ᠳᠤ ᠪᠣᠯᠤᠯ᠎ᠠ᠃

ᠶᠣᠰᠤᠯᠠᠯ ᠳᠤ ᠮᠣᠩ᠋ᠭᠤᠯ ᠤᠯᠤᠰ ᠤᠨ ᠶᠡᠷᠦᠩᠬᠡᠢᠢᠯᠡᠭᠴᠢ᠂ ᠵᠡᠪᠰᠡᠭᠲᠦ ᠬᠦᠴᠦᠨ ᠦ ᠶᠡᠷᠦᠩᠬᠡᠶ ᠻᠣᠮᠠᠨ᠋ᠳ᠋᠋ᠯᠠᠭᠴᠢ ᠤᠬᠤᠨ᠎ᠠ ᠢᠢᠨ ᠬᠦᠷᠡᠯᠰᠦ᠋ᠬᠡ ᠪᠣᠯᠤᠨ ᠪᠠᠲᠤᠯᠠᠨ ᠬᠠᠮᠠᠭᠠᠯᠠᠬᠤ ᠢᠢᠨ ᠰᠠᠢᠢᠳ ᠰᠠ᠊·ᠪᠢᠮᠪᠠᠴᠣᠭᠲᠤ᠂ ᠵᠡᠪᠰᠡᠭᠲᠦ ᠬᠦᠴᠦᠨ ᠦ

thumbnail 2025.06.04 MUYK-iin sanaachilsan Delhiin aduunii udriin tuhai togtooliig NUB-iin Yronhii Assamblei demjin batallaa
2025.06.04 MUYK-iin sanaachilsan Delhiin aduunii udriin tuhai togtooliig NUB-iin Yronhii Assamblei demjin batallaa
ᠮᠣᠩ᠋ᠭᠤᠯ ᠤᠯᠤᠰ ᠤᠨ ᠶᠡᠷᠦᠩᠬᠡᠢᠢᠯᠡᠭᠴᠢ ᠢᠢᠨ ᠰᠠᠨᠠᠭᠠᠴᠢᠯᠠᠭᠰᠠᠨ «ᠳᠡᠯᠡᠬᠡᠶ ᠢᠢᠨ ᠠᠳᠤᠭᠤᠨ ᠤ ᠡᠳᠦᠷ ᠦᠨ ᠲᠤᠬᠠᠶ» ᠲᠣᠭᠲᠠᠭᠠᠯ ᠢ ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠶᠡᠷᠦᠩᠬᠡᠶ ᠠᠰᠰᠠᠮᠪᠯᠧᠢ ᠳᠡᠮᠵᠢᠨ ᠪᠠᠲᠤᠯᠠᠯ᠎ᠠ

ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠶᠡᠷᠦᠩᠬᠡᠶ ᠠᠰᠰᠠᠮᠪᠯᠧᠢ ᠢᠢᠨ 79 ᠊ᠳ᠋ᠦᠭᠡᠷ ᠴᠢᠭᠤᠯᠭᠠᠨ ᠤ 2025 ᠣᠨ ᠤ 06 ᠳ᠋ᠤᠭᠠᠷ ᠰᠠᠷ᠎ᠠ ᠢᠢᠨ 03 ᠤ ᠡᠳᠦᠷ ᠦᠨ ᠪᠦᠭᠦᠳᠡ ᠬᠤᠷᠠᠯᠳᠤᠭᠠᠨ ᠢᠶᠠᠷ ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠢᠢᠨ ᠰᠠᠨᠠᠭᠠᠴᠢᠯᠠᠭᠰᠠᠨ «ᠳᠡᠯᠡᠬᠡᠶ ᠢᠢᠨ ᠠᠳᠤᠭᠤᠨ ᠤ ᠡᠳᠦᠷ ᠦᠨ ᠲᠤᠬᠠᠶ» (World Horse Day) ᠲᠣᠭᠲᠠᠭᠠᠯ ᠢ ᠬᠡᠯᠡᠯᠴᠡᠨ ᠪᠠᠲᠤᠯᠠᠯ᠎ᠠ᠃

ᠨᠢᠭᠡᠳᠦᠭᠰᠡᠨ ᠦᠨᠳᠦᠰᠦᠲᠡᠨ ᠦ ᠪᠠᠢᠢᠭᠤᠯᠤᠯᠭ᠎ᠠ ᠢᠢᠨ ᠬᠦᠨᠡᠰᠦ᠂ ᠬᠥᠳᠡᠭᠡ ᠠᠵᠤ ᠠᠬᠤᠶ ᠢᠢᠨ ᠪᠠᠢᠢᠭᠤᠯᠤᠯᠭ᠎ᠠ ᠢᠢᠨ ᠮᠡᠳᠡᠭᠡᠯᠡᠯ ᠢᠶᠡᠷ ᠥᠨᠦᠳᠦᠷ ᠳᠡᠯᠡᠬᠡᠶ ᠳᠡᠭᠡᠷ᠎ᠡ 57 ᠰᠠᠶ᠎ᠠ ᠭᠠᠷᠤᠶ ᠤᠨᠤᠯᠭ᠎ᠠ᠂ ᠡᠳ᠋ᠯᠡᠭᠡᠨ ᠦ ᠠᠳᠤᠭᠤ ᠪᠠᠢᠢᠨ᠎ᠠ᠃ ᠡᠨᠡ ᠨᠢ ᠠᠳᠤᠭᠤ ᠬᠦᠮᠦᠨ ᠲᠥᠷᠦᠯᠬᠢᠲᠡᠨ ᠦ ᠡᠳᠦᠷ ᠲᠤᠲᠤᠮ ᠤᠨ ᠠᠮᠢᠳᠤᠷᠠᠯ᠂ ᠴᠢᠨᠠᠭᠰᠢᠯᠠᠪᠠᠯ

thumbnail banner web
banner web
«ᠲᠣᠭᠲᠠᠪᠤᠷᠢ ᠲᠠᠢ ᠪᠠᠢᠢᠳᠠᠯ ᠤᠨ ᠶᠠᠷᠢᠶ᠎ᠠ ᠬᠡᠯᠡᠯᠴᠡᠭᠡ 2025 – ᠠᠭᠤᠷ ᠠᠮᠢᠰᠬᠤᠯ ᠤᠨ ᠥᠭᠡᠷᠡᠴᠢᠯᠡᠯᠲᠡ: ᠲᠡᠷᠪᠤᠮ ᠮᠣᠳᠤ» ᠴᠢᠭᠤᠯᠭ᠎ᠠ ᠠᠭᠤᠯᠵᠠᠯᠲᠠ ᠪᠣᠯᠤᠨ᠎ᠠ

ᠮᠣᠩ᠋ᠭᠤᠯ ᠤᠯᠤᠰ ᠤᠨ ᠶᠡᠷᠦᠩᠬᠡᠢᠢᠯᠡᠭᠴᠢ ᠢᠢᠨ ᠢᠪᠡᠭᠡᠯ ᠳᠣᠣᠷ᠎ᠠ «ᠲᠣᠭᠲᠠᠪᠤᠷᠢ ᠲᠠᠢ ᠪᠠᠢᠢᠳᠠᠯ ᠤᠨ ᠶᠠᠷᠢᠶ᠎ᠠ ᠬᠡᠯᠡᠯᠴᠡᠭᠡ 2025 – ᠠᠭᠤᠷ ᠠᠮᠢᠰᠬᠤᠯ ᠤᠨ ᠥᠭᠡᠷᠡᠴᠢᠯᠡᠯᠲᠡ: ᠲᠡᠷᠪᠤᠮ ᠮᠣᠳᠤ» ᠴᠢᠭᠤᠯᠭ᠎ᠠ ᠠᠭᠤᠯᠵᠠᠯᠲᠠ 2025 ᠣᠨ ᠤ 06 ᠳ᠋ᠤᠭᠠᠷ ᠰᠠᠷ᠎ᠠ ᠢᠢᠨ 05-07 ᠤ ᠡᠳᠦᠷ ᠦᠳ ᠲᠥ ᠲᠥᠷᠦ ᠢᠢᠨ ᠣᠷᠳᠤᠨ ᠳᠤ ᠪᠣᠯᠤᠨ᠎ᠠ᠃

ᠴᠢᠭᠤᠯᠭ᠎ᠠ ᠠᠭᠤᠯᠵᠠᠯᠲᠠ ᠨᠢ ᠮᠣᠩ᠋ᠭᠤᠯ ᠤᠯᠤᠰ ᠲᠤ ᠠᠭᠤᠷ ᠠᠮᠢᠰᠬᠤᠯ ᠤᠨ ᠴᠢᠭᠯᠡᠯ ᠢᠶᠡᠷ ᠬᠡᠷᠡᠭᠵᠢᠭᠦᠯᠵᠦ ᠪᠤᠢ ᠪᠣᠳᠤᠯᠭ᠎ᠠ᠂ ᠠᠷᠭ᠎ᠠ ᠬᠡᠮᠵᠢᠶᠡᠨ ᠦ ᠤᠶᠠᠯᠳᠤᠭ᠎ᠠ ᠢᠢ ᠬᠠᠩ᠋ᠭᠠᠬᠤ᠂ ᠬᠥᠷᠦᠩ᠋ᠭᠡ ᠣᠷᠤᠭᠤᠯᠤᠯᠲᠠ ᠲᠠᠲᠠᠬᠤ᠂ ᠣᠯᠠᠨ ᠲᠠᠯᠠᠲᠤ ᠣᠷᠣᠯᠴᠠᠭᠴᠢᠳ ᠤᠨ ᠳᠤᠮᠳᠠ ᠬᠠᠮᠲᠤ ᠢᠢᠨ ᠠᠵᠢᠯᠯᠠᠭ᠎ᠠ ᠢᠢ ᠪᠡᠬᠢᠵᠢᠭᠦᠯᠬᠦ᠂ ᠰᠢᠨᠡᠯᠢᠭ ᠰᠠᠨᠠᠭᠠᠴᠢᠯᠠᠭ᠎ᠠ ᠢᠢ ᠳᠡᠮᠵᠢᠬᠦ ᠫᠯᠠᠲ᠋ᠹᠣᠷᠮ ᠪᠣᠯᠬᠤ ᠶᠤᠮ᠃

ᠮᠥᠨ ᠠᠭᠤᠷ ᠠᠮᠢᠰᠬᠤᠯ ᠤᠨ