ᠦᠨᠳᠦᠰᠦᠨ ᠦ ᠦᠢᠯᠡᠳᠪᠦᠷᠢᠯᠡᠭᠴᠢᠳ ᠦᠽᠪᠧᠻᠢᠰᠲ᠋ᠠᠨ ᠪᠣᠯᠤᠨ ᠲᠥᠪ ᠠᠽᠢ ᠢᠢᠨ ᠣᠷᠣᠨ ᠨᠤᠭᠤᠳ ᠤᠨ ᠵᠠᠬ᠎ᠠ ᠵᠡᠭᠡᠯᠢ ᠳᠥ ᠨᠡᠪᠲᠡᠷᠡᠬᠦ ᠪᠣᠯᠤᠮᠵᠢ ᠡᠷᠡᠰ ᠨᠡᠮᠡᠭᠳᠡᠯ᠎ᠡ
ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠪᠦᠭᠦᠳᠡ ᠨᠠᠢᠢᠷᠠᠮᠳᠠᠬᠤ ᠦᠽᠪᠧᠻᠢᠰᠲ᠋ᠠᠨ ᠤᠯᠤᠰ ᠲᠤ ᠲᠥᠷᠥ ᠢᠢᠨ ᠠᠢᠢᠯᠴᠢᠯᠠᠯ ᠬᠢᠬᠦ ᠦᠶ᠎ᠡ ᠪᠡᠷ ᠢᠶᠡᠨ ᠲᠤᠰ ᠤᠯᠤᠰ ᠤᠨ ᠶᠡᠷᠦᠩᠬᠡᠢᠢᠯᠡᠭᠴᠢ ᠱᠠᠸᠻᠠᠲ᠋ ᠮᠢᠷᠽᠢᠶᠸᠸ ᠤᠨ ᠬᠠᠮᠲᠤ ᠬᠣᠶᠠᠷ ᠣᠷᠣᠨ ᠤ ᠪᠢᠽᠢᠨ᠋᠋ᠧᠰ ᠡᠷᠬᠢᠯᠡᠭᠴᠢᠳ ᠦᠨ ᠲᠥᠯᠥᠭᠡᠯᠡᠯ ᠲᠡᠢ ᠠᠭᠤᠯᠵᠠᠯ᠎ᠠ᠃
ᠡᠨᠡ ᠨᠢ ᠲᠥᠷᠥ ᠢᠢᠨ ᠲᠡᠷᠢᠭᠦᠨ ᠨᠤᠭᠦᠳ ᠬᠤᠳᠠᠯᠳᠤᠭ᠎ᠠ᠂ ᠡᠳ᠋᠍ ᠦᠨ ᠵᠠᠰᠠᠭ᠂ ᠬᠥᠷᠥᠩ᠋ᠭᠡ ᠣᠷᠣᠭᠤᠯᠤᠯᠲᠠ ᠢᠢᠨ ᠬᠠᠷᠢᠯᠴᠠᠭ᠎ᠠ ᠢᠢ ᠬᠥᠭ᠍ᠵᠢᠭᠦᠯᠬᠦ ᠳᠥ ᠣᠨᠴᠠᠭᠠᠢ ᠠᠩᠬᠠᠷᠴᠤ ᠪᠠᠢᠢᠭ᠎ᠠ ᠢᠢᠨ ᠢᠯᠡᠷᠡᠯ ᠭᠡᠵᠦ ᠬᠣᠶᠠᠷ ᠤᠯᠤᠰ ᠤᠨ ᠪᠢᠽᠢᠨ᠋᠋ᠧᠰ ᠡᠷᠬᠢᠯᠡᠭᠴᠢᠳ ᠦᠵᠡᠵᠦ ᠪᠠᠢᠢᠯ᠎ᠠ᠃
ᠴᠢᠨᠠᠭᠰᠢᠳᠠ ᠬᠤᠳᠠᠯᠳᠤᠭᠠᠨ ᠤ ᠡᠷᠭᠢᠯᠲᠡ ᠢᠢ ᠪᠣᠭᠣᠨᠢ ᠬᠤᠭᠤᠴᠠᠭᠠᠨ ᠳᠤ 10-20 ᠳᠠᠬᠢᠨ ᠨᠡᠮᠡᠭᠳᠡᠭᠦᠯᠬᠦ᠂ ᠠᠭᠤᠯᠠ ᠠᠭᠤᠷᠬᠠᠢ᠂ ᠬᠥᠳᠡᠭᠡ ᠠᠵᠤ ᠠᠬᠤᠢ᠂ ᠬᠥᠩ᠋ᠭᠡᠨ ᠦᠢᠯᠡᠳᠪᠦᠷᠢ᠂