ᠧᠦ᠋ᠷᠣᠫᠠ ᠢᠢᠨ ᠬᠣᠯᠪᠤᠭᠠᠨ ᠤ ᠡᠯᠴᠢᠨ ᠰᠠᠢᠢᠳ ᠢᠲᠡᠭᠡᠮᠵᠢᠯᠡᠬᠦ ᠵᠢᠭᠤᠬᠤ ᠪᠢᠴᠢᠭ ᠢᠶᠡᠨ ᠡᠷᠭᠦᠨ ᠪᠠᠷᠢᠯ᠎ᠡ
ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠳᠥ ᠧᠦ᠋ᠷᠣᠫᠠ ᠢᠢᠨ ᠬᠣᠯᠪᠤᠭᠠᠨ ᠠᠴᠠ ᠮᠣᠩ᠋ᠭᠣᠯ ᠤᠯᠤᠰ ᠲᠤ ᠰᠠᠭᠤᠬᠤ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠢᠨ᠎ᠠ ᠨᠠᠷᠴᠶᠦ᠋ᠯᠶᠣᠨ᠋ᠢᠲ᠋ᠧ ᠢᠲᠡᠭᠡᠮᠵᠢᠯᠡᠬᠦ ᠵᠢᠭᠤᠬᠤ ᠪᠢᠴᠢᠭ᠌ ᠢᠶᠡᠨ ᠡᠷᠭᠦᠨ ᠪᠠᠷᠢᠯ ᠠ᠃
ᠶᠡᠷᠦᠩᠬᠡᠢᠢᠯᠡᠭᠴᠢ ᠤ᠊᠂ ᠬᠦᠷᠡᠯᠰᠦ᠋ᠬᠡ ᠬᠦᠮᠦᠨ ᠦ ᠡᠷᠬᠡ᠂ ᠡᠷᠬᠡ ᠴᠢᠯᠦᠭᠡ᠂ ᠬᠠᠤᠯᠢ ᠳᠡᠭᠡᠳᠦᠯᠡᠬᠦ ᠵᠠᠷᠴᠢᠮ ᠵᠡᠷᠭᠡ ᠠᠷᠠᠳᠴᠢᠯᠠᠯ ᠤᠨ ᠦᠨᠡᠲᠦ ᠵᠦᠢᠯᠡᠰ ᠲᠥ ᠰᠠᠭᠤᠷᠢᠯᠠᠭᠰᠠᠨ ᠮᠣᠩ᠋ᠭᠣᠯ ᠤᠯᠤᠰ᠂ ᠧᠦ᠋ᠷᠣᠫᠠ ᠢᠢᠨ ᠬᠣᠯᠪᠤᠭ᠎ᠠ ᠬᠣᠭᠤᠷᠤᠨᠳᠤ ᠢᠢᠨ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠬᠣᠶᠠᠷ ᠲᠠᠯ ᠠ ᠢᠢᠨ ᠬᠦᠴᠦ ᠴᠢᠷᠮᠠᠢᠢᠯᠲᠠ ᠢᠢᠨ ᠳ᠋ᠦᠩ ᠳᠥ ᠥᠷᠭᠡᠵᠢᠨ ᠬᠥᠭ᠍ᠵᠢᠵᠦ ᠪᠠᠢᠢᠭ᠎ᠠ ᠢᠢ ᠲᠡᠮᠳᠡᠭᠯᠡᠪᠡ᠃
ᠠᠭᠤᠯᠵᠠᠯᠲᠠ ᠢᠢᠨ ᠦᠶ ᠡ ᠪᠡᠷ ᠬᠣᠶᠠᠷ ᠲᠠᠯ ᠠ ᠢᠢᠨ ᠬᠥᠭ᠍ᠵᠢᠯ ᠦᠨ ᠤᠷᠲᠤ