ᠮᠣᠩ᠋ᠭᠤᠯ ᠤᠯᠤᠰ ᠤᠨ ᠶᠡᠷᠦᠩᠬᠡᠢᠢᠯᠡᠭᠴᠢ ᠤ·ᠬᠦᠷᠡᠯᠰᠦ᠋ᠬᠡ ᠫᠣᠯᠠᠨ᠌ᠳ᠋ ᠤᠨ ᠡᠯᠴᠢᠨ ᠰᠠᠢᠢᠳ ᠢ ᠬᠦᠯᠢᠶᠡᠨ ᠠᠪᠴᠤ ᠠᠭᠤᠯᠵᠠᠯ᠎ᠠ
ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠪᠦᠭᠦᠳᠡ ᠨᠠᠢᠢᠷᠠᠮᠳᠠᠬᠤ ᠫᠣᠯᠠᠨ᠋ᠳ᠋ ᠤᠯᠤᠰ ᠠᠴᠠ ᠮᠣᠩ᠋ᠭᠤᠯ ᠤᠯᠤᠰ ᠲᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠻᠱᠢᠱᠲ᠋ᠣᠹ ᠪᠣᠢᠢᠻᠣ ᠢᠢ ᠬᠦᠯᠢᠶᠡᠨ ᠠᠪᠴᠤ ᠠᠭᠤᠯᠵᠠᠯ᠎ᠠ᠃
ᠶᠡᠷᠦᠩᠬᠡᠢᠢᠯᠡᠭᠴᠢ ᠤ·ᠬᠦᠷᠡᠯᠰᠦ᠋ᠬᠡ ᠬᠣᠶᠠᠷ ᠣᠷᠤᠨ ᠤ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠰᠡᠭᠦᠯ ᠦᠨ ᠵᠢᠯ ᠦᠳ ᠲᠥ ᠡᠷᠴᠢᠮ ᠲᠡᠢ ᠥᠷᠭᠡᠵᠢᠵᠦ ᠪᠠᠢᠢᠭ᠎ᠠ ᠢᠢ ᠲᠡᠮᠳᠡᠭᠯᠡᠵᠦ᠂ 2023 ᠣᠨ ᠳᠤ ᠶᠡᠷᠦᠩᠬᠡᠢᠢᠯᠡᠭᠴᠢ ᠠ᠊·ᠳ᠋ᠦᠳᠠ ᠢᠢᠨ ᠮᠣᠩ᠋ᠭᠤᠯ ᠤᠯᠤᠰ ᠲᠤ ᠬᠢᠭ᠍ᠰᠡᠨ ᠲᠥᠷᠦ ᠢᠢᠨ ᠠᠢᠢᠯᠴᠢᠯᠠᠯ ᠴᠢᠬᠤᠯᠠ ᠲᠦᠯᠬᠢᠴᠡ ᠪᠣᠯᠤᠭᠰᠠᠨ ᠢ ᠣᠨᠴᠠᠯᠠᠯ᠎ᠠ᠃
ᠲᠥᠷᠦ ᠢᠢᠨ ᠲᠡᠷᠢᠭᠦᠨ ᠨᠠᠷ ᠤᠨ ᠬᠠᠷᠢᠯᠴᠠᠨ ᠲᠣᠬᠢᠷᠠᠯᠴᠠᠭᠰᠠᠨ ᠠᠰᠠᠭᠤᠳᠠᠯ ᠤᠳ ᠢ ᠪᠣᠳᠠᠲᠤ ᠠᠵᠢᠯ ᠬᠡᠷᠡᠭ ᠪᠣᠯᠭᠠᠬᠤ ᠢᠢᠨ ᠲᠥᠯᠦᠭᠡ ᠡᠯᠴᠢᠨ ᠰᠠᠢᠢᠳ












