ᠡᠮᠦᠨᠡᠭ᠋ᠣᠪᠢ ᠠᠢᠢᠮᠠᠭ ᠨᠢᠭᠡ ᠰᠠᠶ᠎ᠠ ᠮᠣᠳᠥ ᠲᠠᠷᠢᠵᠤ ᠤᠷᠭᠤᠭᠤᠯᠤᠭᠠᠳ ᠪᠠᠢᠢᠨ᠎ᠠ
ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠰᠠᠨᠠᠭᠠᠴᠢᠯᠠᠭᠰᠠᠨ 《ᠲᠡᠷᠪᠤᠮ ᠮᠣᠳᠣ》 ᠦᠨᠳᠦᠰᠦᠨ ᠦ ᠬᠥᠳᠡᠯᠭᠡᠭᠡᠨ ᠦ ᠬᠡᠷᠡᠭᠵᠢᠯᠲᠡ ᠲᠡᠢ ᠲᠠᠨᠢᠯᠴᠠᠬᠤ᠂ ᠡᠷᠴᠢᠮᠵᠢᠭᠦᠯᠬᠦ ᠠᠵᠢᠯ ᠤᠨ ᠬᠡᠰᠡᠭ ᠦᠨ ᠭᠡᠰᠢᠭᠦᠳ ᠥᠨᠥᠳᠥᠷ ᠡᠮᠦᠨᠡᠭᠣᠪᠢ ᠠᠢᠢᠮᠠᠭ ᠤᠨ ᠳᠠᠯᠠᠨᠵᠠᠳᠠᠭᠠᠳ ᠰᠤᠮᠤᠨ ᠳᠤ ᠠᠵᠢᠯᠯᠠᠯ᠎ᠠ᠃
《ᠲᠡᠷᠪᠤᠮ ᠮᠣᠳᠣ》 ᠦᠨᠳᠦᠰᠦᠨ ᠦ ᠬᠥᠳᠡᠯᠭᠡᠭᠡᠨ ᠦ ᠬᠦᠷᠢᠶᠡᠨ ᠳᠥ ᠡᠮᠦᠨᠡᠭᠣᠪᠢ ᠠᠢᠢᠮᠠᠭ 70 ᠰᠠᠶ᠎ᠠ ᠮᠣᠳᠣ ᠲᠠᠷᠢᠵᠤ ᠤᠷᠭᠤᠭᠤᠯᠬᠤ ᠠᠮᠠᠯᠠᠯᠲᠠ ᠥᠭ᠍ᠭᠦᠭ᠍ᠰᠡᠨ ᠶᠤᠮ᠃
ᠡᠨᠡ ᠬᠦᠷᠢᠶᠡᠨ ᠳᠥ 《ᠣᠢ ᠢᠢᠨ ᠮᠧᠨᠧᠵᠮᠧᠨ᠋ᠲ ᠦᠨ ᠮᠠᠰᠲ᠋ᠸᠷ ᠲᠥᠯᠥᠪᠯᠡᠭᠡ-2030》 ᠍ ᠢ ᠪᠣᠯᠪᠠᠰᠤᠷᠠᠭᠤᠯᠤᠨ ᠪᠠᠲᠤᠯᠠᠵᠤ᠂ 2022-2024 ᠣᠨ ᠳᠤ ᠪᠡᠯᠡᠳᠬᠡᠯ ᠠᠵᠢᠯ ᠢ ᠡᠬᠢᠯᠡᠭᠦᠯᠵᠦ᠂ 2025-2028 ᠣᠨ ᠳᠤ ᠮᠣᠳᠣ ᠲᠠᠷᠢᠵᠤ ᠤᠷᠭᠤᠭᠤᠯᠬᠤ᠂ ᠣᠢᠢᠵᠢᠭᠤᠯᠬᠤ ᠠᠵᠢᠯ ᠢ ᠡᠷᠴᠢᠮᠵᠢᠭᠦᠯᠦᠨ᠂ 2029-2030 ᠣᠨ ᠳᠤ ᠤᠷᠭᠤᠯᠲᠠ᠂ ᠥᠰᠦᠯᠲᠡ ᠢᠢ ᠳᠡᠮᠵᠢᠬᠦ᠂