ᠳᠣᠲᠣᠭᠠᠳᠤ ᠢᠢᠨ ᠴᠡᠷᠢᠭ ᠥᠨᠳᠥᠷ ᠴᠢᠳᠠᠪᠤᠷᠢᠲᠠᠢ ᠬᠥᠳᠡᠯᠭᠡᠭᠡᠨᠳᠦ ᠬᠦᠴᠦᠨ ᠲᠡᠢ ᠪᠣᠯᠤᠨ᠎ᠠ
ᠮᠣᠩ᠋ᠭᠣᠯ ᠤᠯᠤᠰ ᠤᠨ ᠶᠡᠷᠦᠩᠬᠡᠢᠢᠯᠡᠭᠴᠢ᠂ ᠵᠡᠪᠰᠡᠭᠲᠦ ᠬᠦᠴᠦᠨ ᠦ ᠶᠡᠷᠦᠩᠬᠡᠢ ᠻᠣᠮᠠᠨ᠋ᠳ᠋ᠯᠠᠭᠴᠢ ᠤᠬᠤᠨ᠎ᠠ ᠢᠢᠨ ᠬᠦᠷᠡᠯᠰᠦ᠋ᠬᠡ ᠳᠣᠲᠣᠭᠠᠳᠤ ᠢᠢᠨ ᠴᠡᠷᠢᠭ ᠦᠨ ᠪᠠᠢᠢᠭᠤᠯᠤᠯᠭ᠎ᠠ ᠳᠤ ᠠᠵᠢᠯᠯᠠᠯ᠎ᠠ᠃
ᠦᠨᠳᠦᠰᠦᠨ ᠦ ᠠᠶᠤᠯ ᠦᠭᠡᠢ ᠪᠠᠢᠢᠳᠠᠯ ᠢ ᠰᠠᠬᠢᠨ ᠬᠠᠮᠠᠭᠠᠯᠠᠬᠤ᠂ ᠲᠥᠷᠦ᠂ ᠨᠡᠢᠢᠭᠡᠮ᠂ ᠢᠷᠭᠡᠨ ᠦ ᠠᠶᠤᠯ ᠦᠭᠡᠢ ᠪᠠᠢᠢᠳᠠᠯ ᠢ ᠬᠠᠩᠭ᠋ᠠᠬᠤ ᠡᠭᠦᠷᠭᠡ ᠪᠡᠨ ᠨᠡᠷ᠎ᠡ ᠲᠥᠷᠦ ᠲᠡᠢ ᠭᠦᠢᠴᠡᠳᠭᠡᠵᠦ ᠪᠠᠢᠢᠭ᠎ᠠ ᠳᠣᠲᠣᠭᠠᠳᠤ ᠢᠢᠨ ᠴᠡᠷᠢᠭ ᠦᠨ ᠨᠡᠢᠢᠲᠡ ᠪᠡᠶ᠎ᠡ ᠪᠦᠷᠢᠯᠳᠦᠬᠦᠨ ᠳᠥ ᠲᠠᠯᠠᠷᠬᠠᠯ ᠢᠯᠡᠷᠬᠡᠢᠢᠯᠡᠵᠦ᠂ ᠠᠮᠵᠢᠯᠲᠠ ᠬᠦᠰᠡᠨ ᠢᠷᠦᠭᠡᠪᠡ᠃
ᠴᠢᠨᠠᠭᠰᠢᠳᠠ ᠤᠯᠤᠰ ᠣᠷᠣᠨ ᠤ ᠠᠯᠢ ᠴᠤ ᠬᠡᠰᠡᠭ ᠲᠥ ᠲᠦᠷᠭᠡᠨ ᠰᠢᠭᠤᠷᠬᠠᠢ ᠬᠦᠷᠴᠦ᠂ ᠰᠥᠷᠭᠦ ᠲᠤᠰᠬᠠᠢ ᠠᠵᠢᠯᠯᠠᠭᠠᠨ ᠳᠤ ᠣᠷᠣᠯᠴᠠᠬᠤ᠂ ᠭᠡᠮᠲᠦ ᠬᠡᠷᠡᠭ ᠢ ᠲᠠᠰᠤᠯᠤᠨ ᠵᠣᠭᠰᠣᠭᠠᠬᠤ᠂ ᠨᠡᠢᠢᠭᠡᠮ ᠦᠨ ᠳᠢᠭ᠌ ᠵᠢᠷᠤᠮ ᠰᠠᠬᠢᠭᠤᠯᠬᠤ᠂ ᠭᠠᠮᠰᠢᠭ ᠣᠰᠣᠯ ᠤᠨ