ᠻᠠᠽᠠᠻᠰᠲ᠋ᠠᠨ ᠤ ᠡᠯᠴᠢᠨ ᠰᠠᠢᠢᠳ ᠢ «ᠨᠠᠢᠢᠷᠠᠮᠳᠠᠯ» ᠮᠧᠳᠠᠯᠢ ᠪᠠᠷ ᠱᠠᠩᠨᠠᠯ᠎ᠠ
ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠪᠦᠭᠦᠳᠡ ᠨᠠᠢᠢᠷᠠᠮᠳᠠᠬᠤ ᠻᠠᠽᠠᠻᠰᠲ᠋ᠠᠨ ᠤᠯᠤᠰ ᠠᠴᠠ ᠮᠣᠩ᠋ᠭᠤᠯ ᠤᠯᠤᠰ ᠲᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠭᠠᠪᠢᠲ᠋ ᠻᠣᠢᠢᠱᠢᠪᠠᠶᠧᠸ ᠢ ᠨᠤᠲᠤᠭ ᠪᠤᠴᠠᠬᠤ ᠪᠣᠯᠤᠭᠰᠠᠨ ᠲᠠᠢ ᠨᠢ ᠬᠤᠯᠪᠤᠭᠳᠠᠭᠤᠯᠤᠨ ᠬᠦᠯᠢᠶᠡᠨ ᠠᠪᠴᠤ ᠠᠭᠤᠯᠵᠠᠯ᠎ᠠ᠃
ᠡᠯᠴᠢᠨ ᠰᠠᠢᠢᠳ ᠭᠠ᠊· ᠻᠣᠢᠢᠱᠢᠪᠠᠶᠧᠸ ᠮᠣᠩ᠋ᠭᠤᠯ ᠤᠯᠤᠰ ᠲᠤ ᠠᠵᠢᠯᠯᠠᠬᠤ ᠬᠤᠭᠤᠴᠠᠭᠠᠨ ᠳᠤ ᠪᠠᠨ ᠬᠣᠶᠠᠷ ᠣᠷᠤᠨ ᠤ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ ᠬᠥᠭ᠍ᠵᠢᠭᠦᠯᠬᠦ᠂ ᠠᠷᠠᠳ ᠲᠦᠮᠡᠨ ᠦ ᠨᠠᠢᠢᠷᠠᠮᠳᠠᠯ᠂ ᠨᠥᠬᠦᠷᠯᠡᠯ ᠢ ᠪᠡᠬᠢᠵᠢᠭᠦᠯᠬᠦ ᠳᠥ ᠦᠨ᠎ᠡ ᠲᠡᠢ ᠬᠤᠪᠢ ᠨᠡᠮᠡᠷᠢ ᠣᠷᠤᠭᠤᠯᠤᠭᠰᠠᠨ ᠢ ᠶᠡᠷᠦᠩᠬᠡᠢᠢᠯᠡᠭᠴᠢ ᠲᠡᠮᠳᠡᠭᠯᠡᠯ᠎ᠡ᠃
2024 ᠣᠨ ᠳᠤ ᠶᠡᠷᠦᠩᠬᠡᠢᠢᠯᠡᠭᠴᠢ ᠻᠠ᠊·ᠲᠣᠻᠠᠶᠧᠸ ᠤᠨ ᠮᠣᠩ᠋ᠭᠤᠯ ᠤᠯᠤᠰ ᠲᠤ ᠬᠢᠭ᠍ᠰᠡᠨ ᠲᠥᠷᠦ ᠢᠢᠨ