ᠮᠣᠩ᠋ᠭᠤᠯ ᠤᠯᠤᠰ ᠤᠨ ᠶᠡᠷᠦᠩᠬᠡᠢᠢᠯᠡᠭᠴᠢ ᠤ᠂ᠬᠦᠷᠡᠯᠰᠦ᠋ᠬᠡ ᠪᠦᠭᠦᠳᠡ ᠨᠠᠢᠢᠷᠠᠮᠳᠠᠬᠤ ᠡᠮᠦᠨᠡᠳᠦ ᠰᠦᠳᠠᠨ ᠤᠯᠤᠰ ᠲᠤ ᠡᠭᠦᠷᠭᠡ ᠭᠦᠢᠴᠡᠳᠬᠡᠭ᠍ᠰᠡᠨ ᠡ᠊ᠩᠬᠡ ᠢᠢ ᠰᠠᠬᠢᠭᠤᠯᠤᠭᠴᠢᠳ ᠲᠤ ᠣᠳᠣᠨ᠂ ᠮᠧᠳᠠᠯᠢ ᠭᠠᠷᠳᠠᠭᠤᠯᠤᠯ᠎ᠠ
ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ ᠠ ᠢᠢᠨ ᠬᠦᠷᠡᠯᠰᠦ᠋ᠬᠡ ᠵᠠᠷᠯᠢᠭ ᠭᠠᠷᠭᠠᠵᠤ᠂ ᠪᠦᠭᠦᠳᠡ ᠨᠠᠢᠢᠷᠠᠮᠳᠠᠬᠤ ᠡᠮᠦᠨᠡᠳᠦ ᠰᠦᠳ᠋ᠠᠨ ᠤᠯᠤᠰ ᠲᠤ ᠶᠠᠪᠤᠭᠳᠠᠵᠤ ᠪᠤᠢ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠢᠢᠨ ᠡ᠊ᠩᠬᠡ ᠢᠢ ᠰᠠᠬᠢᠭᠤᠯᠤᠬᠤ «UNMISS» ᠠᠵᠢᠯᠯᠠᠭᠠᠨ ᠳᠤ ᠡᠭᠦᠷᠭᠡ ᠭᠦᠢᠴᠡᠳᠬᠡᠭ᠍ᠰᠡᠨ XIII ᠡᠭᠡᠯᠵᠢ ᠢᠢᠨ ᠴᠡᠷᠢᠭ ᠦᠨ ᠪᠠᠭ ᠤᠨ ᠪᠡᠶ᠎ᠡ ᠪᠦᠷᠢᠯᠳᠦᠬᠦᠨ ᠢ ᠲᠥᠷᠦ ᠢᠢᠨ ᠣᠳᠣᠨ᠂ ᠮᠧᠳᠠᠯᠢ ᠪᠠᠷ ᠱᠠᠩᠨᠠᠯ᠎ᠠ᠃
ᠮᠣᠩ᠋ᠭᠤᠯ ᠤᠯᠤᠰ ᠤᠨ ᠶᠡᠷᠦᠩᠬᠡᠢᠢᠯᠡᠭᠴᠢ᠂ ᠵᠡᠪᠰᠡᠭ ᠲᠥ ᠬᠦᠴᠦᠨ ᠦ ᠶᠡᠷᠦᠩᠬᠡᠶ ᠻᠣᠮᠠᠨ᠋ᠳ᠋᠋ᠯᠠᠭᠴᠢ ᠪᠠᠶᠠᠷ ᠬᠦᠷᠭᠡᠵᠦ ᠬᠡᠯᠡᠭᠰᠡᠨ ᠦᠭᠡᠨ ᠳᠥ ᠪᠡᠨ᠂ ᠪᠦᠭᠦᠳᠡ ᠨᠠᠢᠢᠷᠠᠮᠳᠠᠬᠤ ᠡᠮᠦᠨᠡᠳᠦ ᠰᠦᠳ᠋ᠠᠨ ᠤᠯᠤᠰ ᠤᠨ ᠡᠩ ᠦᠨ ᠢᠷᠭᠡᠳ ᠢ ᠬᠠᠮᠠᠭᠠᠯᠠᠬᠤ᠂ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠢᠢᠨ ᠪᠠᠭᠠᠵᠠ᠂ ᠠᠵᠢᠯᠴᠢᠳ ᠤᠨ ᠠᠶᠤᠯ ᠦᠭᠡᠢ ᠪᠠᠢᠢᠳᠠᠯ ᠢ ᠬᠠᠩ᠋ᠭᠠᠬᠤ᠂ ᠬᠦᠮᠦᠨᠯᠢᠭ ᠦᠨ