ᠬᠡᠦᠬᠡᠳ ᠦᠨ ᠪᠠᠢᠢᠭᠤᠯᠤᠯᠭ᠎ᠠ ᠡᠭᠦᠰᠴᠦ᠂ ᠬᠥᠭ᠍ᠵᠢᠭᠰᠡᠨ ᠦ 100 ᠵᠢᠯ ᠦᠨ ᠣᠢ ᠢᠢ ᠲᠣᠬᠢᠶᠠᠯᠳᠤᠭᠤᠯᠤᠨ ᠲᠥᠷᠦ ᠢᠢᠨ ᠳᠡᠭᠡᠳᠦ ᠴᠣᠯᠠ᠂ ᠣᠳᠣᠨ᠂ ᠮᠧᠳᠠᠯᠢ ᠭᠠᠷᠳᠠᠭᠤᠯᠤᠯ᠎ᠠ
ᠮᠣᠩ᠋ᠭᠤᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠮᠣᠩ᠋ᠭᠤᠯ ᠤᠨ ᠬᠡᠦᠬᠡᠳ ᠦᠨ ᠪᠠᠢᠢᠭᠤᠯᠤᠯᠭ᠎ᠠ ᠡᠭᠦᠰᠴᠦ᠂ ᠬᠥᠭ᠍ᠵᠢᠭᠰᠡᠨ ᠦ 100 ᠵᠢᠯ ᠦᠨ ᠣᠢ ᠢᠢ ᠲᠣᠬᠢᠶᠠᠯᠳᠤᠭᠤᠯᠤᠨ ᠵᠠᠷᠯᠢᠭ ᠭᠠᠷᠭᠠᠵᠤ ᠨᠡᠷ᠎ᠡ ᠪᠦᠬᠦᠢ ᠡᠷᠬᠢᠮ ᠦᠳ ᠢ ᠲᠥᠷᠦ ᠢᠢᠨ ᠳᠡᠭᠡᠳᠦ ᠴᠣᠯᠠ᠂ ᠣᠳᠣᠨ᠂ ᠮᠧᠳᠠᠯᠢ ᠪᠠᠷ ᠱᠠᠩᠨᠠᠯ᠎ᠠ᠃
ᠬᠡᠦᠬᠡᠳ᠂ ᠪᠠᠭᠠᠴᠤᠳ ᠤᠨ ᠬᠥᠭ᠍ᠵᠢᠯ ᠳᠥ ᠵᠣᠷᠢᠭᠤᠯᠤᠭᠰᠠᠨ ᠬᠦᠮᠦᠵᠢᠯ᠂ ᠰᠣᠶᠤᠯ ᠤᠨ ᠣᠯᠠᠨ ᠠᠷᠭ᠎ᠠ ᠬᠡᠮᠵᠢᠶ᠎ᠡ ᠰᠠᠨᠠᠭᠠᠴᠢᠯᠠᠨ᠂ ᠠᠮᠠᠵᠢᠯᠲᠠ ᠲᠠᠢ ᠬᠡᠷᠡᠭᠵᠢᠭᠦᠯᠵᠦ᠂ ᠲᠡᠳᠡᠨ ᠦ ᠮᠡᠳᠡᠯᠭᠡ᠂ ᠤᠷ᠎ᠠ ᠴᠢᠳᠠᠪᠤᠷᠢ ᠢᠢ ᠳᠡᠭᠡᠭ᠍ᠰᠢᠯᠠᠭᠦᠯᠬᠦ ᠳᠥ ᠵᠣᠷᠢᠭᠤᠯᠤᠭᠰᠠᠨ ᠨᠣᠮ᠂ ᠪᠦᠲᠦᠭᠡᠯ ᠲᠤᠭᠤᠷᠪᠢᠨ᠂ ᠰᠠᠭᠤᠷᠢ ᠪᠣᠯᠪᠠᠰᠤᠷᠠᠯ ᠢ ᠰᠢᠰᠲ᠋ᠧᠮ ᠲᠡᠢ ᠣᠯᠭᠤᠵᠤ᠂ ᠰᠤᠷᠬᠤ ᠠᠷᠭ᠎ᠠ ᠪᠠᠷᠢᠯ ᠢ ᠡᠵᠡᠮᠰᠢᠭᠦᠯᠵᠦ᠂ ᠬᠡᠦᠬᠡᠳ ᠦᠨ ᠪᠠᠢᠢᠭᠤᠯᠤᠯᠭ᠎ᠠ ᠢᠢᠨ ᠳᠡᠭᠡᠳᠦ ᠪᠣᠯᠪᠠᠰᠤᠷᠠᠯ ᠲᠠᠢ ᠮᠡᠷᠭᠡᠵᠢᠯᠲᠡᠨ ᠪᠡᠯᠡᠳᠭᠡᠬᠦ ᠲᠣᠭᠲᠠᠯᠴᠠᠭ᠎ᠠ