Та "Internet explorer"-ийн сүүлийн хувилбар болох "Microsoft edge"-г ашиглана уу

Хэрэв "Microsoft edge"-г татах бол энд дарж татаж авна уу

ᠪᠦᠭᠦᠳᠡ ᠨᠠᠢᠢᠷᠠᠮᠳᠠᠬᠤ ᠠᠷᠠᠳᠴᠢᠯᠠᠭᠰᠠᠨ ᠯᠠᠤᠰ ᠠᠷᠠᠳ ᠤᠯᠤᠰ ᠤᠨ ᠶᠡᠷᠦᠩᠬᠡᠢᠢᠯᠡᠭᠴᠢ ᠲᠣᠩ᠋ᠯᠥ᠋ᠨ ᠰᠢᠰᠥ᠋ᠯᠢᠲ ᠤᠨ ᠲᠥᠷᠦ ᠢᠢᠨ ᠠᠢᠢᠯᠴᠢᠯᠠᠯ ᠥᠨᠳᠦᠷᠯᠡᠯ᠎ᠡ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠢᠢᠨ ᠤᠷᠢᠯᠭ᠎ᠠ ᠪᠠᠷ ᠬᠦᠷᠦᠯᠴᠡᠨ ᠢᠷᠡᠭᠰᠡᠨ ᠪᠦᠭᠦᠳᠡ ᠨᠠᠢᠢᠷᠠᠮᠳᠠᠬᠤ ᠠᠷᠠᠳᠴᠢᠯᠠᠭᠰᠠᠨ ᠯᠠᠤᠰ ᠠᠷᠠᠳ ᠤᠯᠤᠰ ᠤᠨ ᠶᠡᠷᠦᠩᠬᠡᠢᠢᠯᠡᠭᠴᠢ ᠲᠣᠩ᠋ᠯᠥ᠋ᠨ ᠰᠢᠰᠥ᠋ᠯᠢᠲ ᠦᠨ ᠲᠥᠷᠥ ᠢᠢᠨ ᠠᠢᠢᠯᠴᠢᠯᠠᠯ ᠥᠨᠳᠥᠷᠯᠡᠯ᠎ᠡ᠃

ᠡᠷᠬᠢᠮ ᠵᠣᠴᠢᠳ ᠢ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠶᠠ᠊᠂ ᠰᠣᠳᠤᠪᠠᠭᠠᠲᠤᠷ ᠪᠣᠯᠤᠨ ᠠᠯᠪᠠᠨ ᠤ ᠲᠥᠯᠥᠭᠡᠯᠡᠭᠴᠢᠳ 《ᠴᠢᠩ᠋ᠭᠢᠰ ᠬᠠᠭᠠᠨ》 ᠣᠯᠠᠨ ᠤᠯᠤᠰ ᠤᠨ ᠨᠢᠰᠬᠦ ᠣᠩ᠋ᠭᠣᠴᠠᠨ ᠤ ᠪᠠᠭᠤᠳᠠᠯ ᠳᠤ ᠦᠳᠡᠵᠦ ᠮᠣᠷᠳᠠᠭᠤᠯᠤᠯ᠎ᠠ᠃

ᠠᠢᠢᠯᠴᠢᠯᠠᠯ ᠤᠨ ᠬᠦᠷᠢᠶᠡᠨ ᠳᠥ ᠬᠢᠭ᠍ᠰᠡᠨ ᠲᠥᠷᠦ ᠢᠢᠨ ᠲᠡᠷᠢᠭᠦᠨ ᠨᠠᠷ ᠤᠨ ᠠᠯᠪᠠᠨ ᠶᠣᠰᠣᠨ ᠤ ᠶᠠᠷᠢᠶ᠎ᠠ ᠬᠡᠯᠡᠯᠴᠡᠭᠡ ᠬᠠᠯᠠᠭᠤᠨ ᠳᠣᠲᠣᠨᠣ ᠠᠭᠤᠷ ᠠᠮᠢᠰᠬᠤᠯ ᠳᠤ ᠪᠣᠯᠵᠤ᠂ ᠶᠡᠷᠦᠩᠬᠡᠢᠢᠯᠡᠭᠴᠢ ᠤ᠊᠂ ᠬᠦᠷᠡᠯᠰᠦ᠋ᠬᠡ ᠢᠢᠨ 2023 ᠣᠨ ᠳᠤ ᠯᠠᠤᠰ ᠤᠯᠤᠰ ᠲᠤ ᠬᠢᠭ᠍ᠰᠡᠨ ᠲᠥᠷᠦ ᠢᠢᠨ ᠠᠢᠢᠯᠴᠢᠯᠠᠯ ᠢᠶᠠᠷ ᠬᠦᠷᠦᠭᠰᠡᠨ ᠣᠯᠤᠯᠲᠠ ᠠᠮᠵᠢᠯᠲᠠ ᠪᠠᠨ ᠪᠠᠲᠤᠳᠬᠠᠨ ᠠᠬᠢᠭᠤᠯᠵᠤ᠂ ᠬᠠᠷᠢᠯᠴᠠᠭᠠᠨ ᠤ ᠲᠡᠦᠬᠡᠨ ᠰᠢᠨ᠎ᠡ ᠵᠢᠷᠠᠨ ᠤ ᠬᠠᠭᠤᠳᠠᠰᠤ ᠢᠢ ᠨᠡᠭᠡᠭᠡᠯ᠎ᠡ᠃

ᠮᠣᠩ᠋ᠭᠣᠯ ᠤᠯᠤᠰ ᠨᠢ ᠠᠽᠢ᠂ ᠨᠣᠮᠣᠬᠠᠨ ᠳᠠᠯᠠᠢ ᠢᠢᠨ ᠪᠦᠰᠡ ᠨᠤᠲᠤᠭ ᠤᠨ ᠣᠯᠠᠨ ᠲᠠᠯᠠᠲᠤ ᠬᠠᠮᠲᠤ ᠢᠢᠨ ᠠᠵᠢᠯᠯᠠᠭᠠᠨ ᠳᠤ ᠢᠳᠡᠪᠬᠢᠲᠡᠢ ᠣᠷᠣᠯᠴᠠᠬᠤ ᠪᠣᠳᠣᠯᠭ᠎ᠠ ᠪᠠᠷᠢᠮᠲᠠᠯᠠᠳᠠᠭ᠃

ᠡᠨᠡ ᠬᠦᠷᠢᠶᠡᠨ ᠳᠥ ᠯᠠᠤᠰ ᠤᠯᠤᠰ ᠢ ᠵᠡᠭᠦᠨ ᠡᠮᠦᠨᠡᠲᠦ ᠠᠽᠢ ᠳᠠᠬᠢ ᠴᠢᠬᠤᠯᠠ ᠲᠦᠩᠰᠢ ᠬᠡᠮᠡᠨ ᠦᠵᠡᠵᠦ᠂ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠭᠦᠨᠵᠡᠭᠡᠢᠢᠷᠡᠭᠦᠯᠦᠨ ᠬᠥᠭ᠍ᠵᠢᠭᠦᠯᠬᠦ᠂ ᠠᠷᠠᠳ ᠲᠦᠮᠡᠨ ᠦ ᠨᠠᠢᠢᠷᠠᠮᠳᠠᠯ᠂ ᠨᠥᠬᠥᠷᠯᠡᠯ ᠢ ᠪᠡᠬᠢᠵᠢᠭᠦᠯᠬᠦ᠂ ᠬᠠᠮᠲᠤ ᠢᠢᠨ ᠠᠵᠢᠯᠯᠠᠭᠠᠨ ᠤ ᠬᠡᠲᠦ ᠢᠢᠨ ᠲᠥᠯᠥᠪ ᠢ ᠲᠣᠳᠣᠷᠬᠠᠢᠢᠯᠠᠬᠤ ᠳᠤ ᠡᠨᠡ ᠤᠳᠠᠭ᠎ᠠ ᠢᠢᠨ ᠠᠢᠢᠯᠴᠢᠯᠠᠯ ᠣᠨᠴᠠᠭᠠᠢ ᠠᠴᠢ ᠬᠣᠯᠪᠣᠭᠳᠠᠯ ᠲᠠᠢ ᠪᠣᠯᠤᠯ᠎ᠠ᠃