Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊᠂ ᠬᠦᠷᠡᠯᠰᠦ᠋ᠬᠡ ᠪᠦᠭᠦᠳᠡ ᠨᠠᠢᠢᠷᠠᠮᠳᠠᠬᠤ ᠦᠽᠪᠧᠻ ᠤᠯᠤᠰ ᠲᠤ ᠲᠥᠷᠥ ᠢᠢᠨ ᠠᠢᠢᠯᠴᠢᠯᠠᠯ ᠬᠢᠨ᠎ᠡ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠪᠦᠭᠦᠳᠡ ᠨᠠᠢᠢᠷᠠᠮᠳᠠᠬᠤ ᠦᠽᠪᠧᠻ ᠤᠯᠤᠰ ᠤᠨ ᠶᠡᠷᠦᠩᠬᠡᠢᠢᠯᠡᠭᠴᠢ ᠱᠠᠸᠻᠠᠲ᠋ ᠮᠢᠷᠽᠢᠶᠸᠸ ᠦᠨ ᠤᠷᠢᠯᠭ᠎ᠠ ᠪᠠᠷ 2024 ᠣᠨ ᠤ 06 ᠳ᠋ᠤᠭᠠᠷ ᠰᠠᠷ᠎ᠠ ᠢᠢᠨ 23-26 ᠍ ᠤ ᠡᠳᠦᠷ ᠦᠳ ᠲᠥ ᠲᠤᠰ ᠤᠯᠤᠰ ᠲᠤ ᠲᠥᠷᠥ ᠢᠢᠨ ᠠᠢᠢᠯᠴᠢᠯᠠᠯ ᠬᠢᠨ᠎ᠡ᠃

ᠡᠨᠡ ᠠᠢᠢᠯᠴᠢᠯᠠᠯ ᠨᠢ ᠬᠣᠶᠠᠷ ᠤᠯᠤᠰ ᠤᠨ ᠬᠣᠭᠣᠷᠣᠨᠳᠣ 1992 ᠣᠨ ᠳᠤ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠠᠴᠠ ᠬᠣᠢᠢᠰᠢ ᠳᠡᠭᠡᠳᠦ ᠲᠦᠪᠰᠢᠨ ᠳᠥ ᠪᠣᠯᠵᠤ ᠪᠤᠢ ᠠᠩᠬᠠᠨ ᠤ ᠠᠢᠢᠯᠴᠢᠯᠠᠯ ᠶᠤᠮ᠃

ᠠᠢᠢᠯᠴᠢᠯᠠᠯ ᠤᠨ ᠦᠶ᠎ᠡ ᠪᠡᠷ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊᠂ ᠬᠦᠷᠡᠯᠰᠦ᠋ᠬᠡ ᠪᠦᠭᠦᠳᠡ ᠨᠠᠢᠢᠷᠠᠮᠳᠠᠬᠤ ᠦᠽᠪᠧᠻ ᠤᠯᠤᠰ ᠤᠨ ᠶᠡᠷᠦᠩᠬᠡᠢᠢᠯᠡᠭᠴᠢ ᠱᠠ᠊᠂ ᠮᠢᠷᠽᠢᠶᠸᠸ  ᠲᠡᠢ ᠠᠯᠪᠠᠨ ᠶᠣᠰᠣᠨ ᠤ ᠬᠡᠯᠡᠯᠴᠡᠭᠡ ᠬᠢᠨ᠎ᠡ᠃ ᠮᠥᠨ ᠣᠯᠢᠢ ᠮᠠᠵᠤᠯᠢᠰ (ᠫᠠᠷᠯᠠᠮᠧᠨ᠋ᠲ) ᠍ ᠦᠨ ᠰᠧᠨᠠᠲ ᠤᠨ ᠳᠠᠷᠤᠭ᠎ᠠ ᠲᠠᠨ᠋ᠽᠢᠯᠠ ᠨᠠᠷᠪᠠᠸᠸᠠ᠂ ᠶᠡᠷᠦᠩᠬᠡᠢ ᠰᠠᠢᠢᠳ ᠠᠪᠳᠤᠯᠯᠠ ᠠᠷᠢᠫᠣᠸ ᠨᠠᠷ ᠲᠠᠢ ᠠᠭᠤᠯᠵᠠᠵᠤ᠂ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ ᠬᠥᠭ᠍ᠵᠢᠭᠦᠯᠬᠦ᠂ ᠪᠥᠰᠡ ᠨᠤᠲᠤᠭ᠂ ᠣᠯᠠᠨ ᠤᠯᠤᠰ ᠤᠨ ᠲᠠᠪᠴᠠᠩ ᠳᠠᠬᠢ ᠬᠠᠮᠲᠤ ᠢᠢᠨ ᠠᠵᠢᠯᠯᠠᠭᠠᠨ ᠤ ᠥᠷᠭᠡᠨ ᠬᠦᠷᠢᠶᠡᠨ ᠦ ᠠᠰᠠᠭᠤᠳᠠᠯ ᠢᠶᠠᠷ ᠰᠠᠨᠠᠯ ᠰᠣᠯᠢᠯᠴᠠᠨ᠎ᠠ᠃