Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊᠂ ᠬᠦᠷᠡᠯᠰᠦ᠋ᠬᠡ ᠪᠦᠭᠦᠳᠡ ᠨᠠᠢᠢᠷᠠᠮᠳᠠᠬᠤ ᠦᠽᠪᠧᠻ ᠤᠯᠤᠰ ᠲᠤ ᠲᠥᠷᠥ ᠢᠢᠨ ᠠᠢᠢᠯᠴᠢᠯᠠᠯ ᠬᠢᠬᠦ ᠪᠡᠷ ᠮᠣᠷᠳᠠᠯ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠪᠦᠭᠦᠳᠡ ᠨᠠᠢᠢᠷᠠᠮᠳᠠᠬᠤ ᠦᠽᠪᠧᠻ ᠤᠯᠤᠰ ᠤᠨ ᠶᠡᠷᠦᠩᠬᠡᠢᠢᠯᠡᠭᠴᠢ ᠱᠠᠸᠻᠠᠲ᠋ ᠮᠢᠷᠽᠢᠶᠸᠸ  ᠦᠨ ᠤᠷᠢᠯᠭ᠎ᠠ ᠪᠠᠷ 2024 ᠣᠨ ᠤ 06 ᠳ᠋ᠤᠭᠠᠷ ᠰᠠᠷ᠎ᠠ ᠢᠢᠨ 23-26 ᠍ ᠤ ᠡᠳᠦᠷ ᠦᠳ ᠲᠥ ᠲᠤᠰ ᠤᠯᠤᠰ ᠲᠤ ᠲᠥᠷᠥ ᠢᠢᠨ ᠠᠢᠢᠯᠴᠢᠯᠠᠯ ᠬᠢᠬᠦ ᠪᠡᠷ ᠡᠬᠡ ᠣᠷᠣᠨ ᠠᠴᠠ ᠪᠠᠨ ᠮᠣᠷᠳᠠᠯ᠎ᠠ᠃

ᠡᠨᠡ ᠠᠢᠢᠯᠴᠢᠯᠠᠯ ᠨᠢ ᠮᠣᠩ᠋ᠭᠣᠯ ᠤᠯᠤᠰ᠂ ᠪᠦᠭᠦᠳᠡ ᠨᠠᠢᠢᠷᠠᠮᠳᠠᠬᠤ ᠦᠽᠪᠧᠻ ᠤᠯᠤᠰ ᠬᠣᠭᠣᠷᠣᠨᠳᠣ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠠᠴᠠ ᠬᠣᠢᠢᠰᠢᠬᠢ 32 ᠵᠢᠯ ᠦᠨ ᠬᠤᠭᠤᠴᠠᠭᠠᠨ ᠳᠤ ᠠᠩᠬ᠎ᠠ ᠤᠳᠠᠭ᠎ᠠ ᠪᠣᠯᠵᠤ ᠪᠤᠢ ᠳᠡᠭᠡᠳᠦ ᠲᠦᠪᠰᠢᠨ ᠦ ᠠᠢᠢᠯᠴᠢᠯᠠᠯ ᠶᠤᠮ᠃

ᠠᠢᠢᠯᠴᠢᠯᠠᠯ ᠤᠨ ᠦᠶ᠎ᠡ ᠪᠡᠷ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊᠂ ᠬᠦᠷᠡᠯᠰᠦ᠋ᠬᠡ ᠪᠦᠭᠦᠳᠡ ᠨᠠᠢᠢᠷᠠᠮᠳᠠᠬᠤ ᠦᠽᠪᠧᠻ ᠤᠯᠤᠰ ᠤᠨ ᠶᠡᠷᠦᠩᠬᠡᠢᠢᠯᠡᠭᠴᠢ ᠱᠠ᠊᠂ ᠮᠢᠷᠽᠢᠶᠸᠸ ᠲᠡᠢ ᠠᠯᠪᠠᠨ ᠶᠣᠰᠣᠨ ᠤ ᠬᠡᠯᠡᠯᠴᠡᠭᠡ ᠬᠢᠵᠦ᠂ ᠬᠣᠶᠠᠷ ᠤᠯᠤᠰ ᠤᠨ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ ᠬᠥᠭ᠍ᠵᠢᠭᠦᠯᠬᠦ ᠪᠣᠯᠤᠨ ᠪᠥᠰᠡ ᠨᠤᠲᠤᠭ᠂ ᠣᠯᠠᠨ ᠤᠯᠤᠰ ᠤᠨ ᠲᠠᠪᠴᠠᠩ ᠳᠠᠬᠢ ᠬᠠᠮᠲᠤ ᠢᠢᠨ ᠠᠵᠢᠯᠯᠠᠭᠠᠨ ᠤ ᠥᠷᠭᠡᠨ ᠬᠦᠷᠢᠶᠡᠨ ᠦ ᠠᠰᠠᠭᠤᠳᠠᠯ ᠢᠶᠠᠷ ᠰᠠᠨᠠᠯ ᠰᠣᠯᠢᠯᠴᠠᠨ᠎ᠠ᠃

ᠲᠡᠭᠦᠨᠴᠢᠯᠡᠨ ᠶᠡᠷᠦᠩᠬᠡᠢᠢᠯᠡᠭᠴᠢ ᠤ᠊᠂ ᠬᠦᠷᠡᠯᠰᠥ᠋ᠬᠡ ᠳᠥ ᠦᠽᠪᠧᠻ ᠤᠯᠤᠰ ᠤᠨ ᠫᠠᠷᠯᠠᠮᠧᠨ᠋ᠲ ᠣᠯᠢᠢ ᠮᠠᠵᠯᠢᠰ ᠦᠨ ᠰᠧᠨᠠᠲ ᠤᠨ ᠳᠠᠷᠤᠭ᠎ᠠ ᠲ᠎᠊᠂ ᠨᠠᠷᠪᠠᠶᠸᠸᠠ᠂ ᠶᠡᠷᠦᠩᠬᠡᠢ ᠰᠠᠢᠢᠳ ᠠ᠊᠂ ᠠᠷᠢᠫᠣᠸ ᠵᠡᠷᠭᠡ ᠠᠯᠪᠠᠨ ᠤ ᠬᠦᠮᠦᠰ ᠪᠠᠷᠠᠭᠠᠯᠬᠠᠨ᠎ᠠ᠃

ᠠᠢᠢᠯᠴᠢᠯᠠᠯ ᠤᠨ ᠬᠦᠷᠢᠶᠡᠨ ᠳᠥ ᠮᠣᠩ᠋ᠭᠣᠯ ᠤᠯᠤᠰ ᠠᠴᠠ ᠪᠦᠭᠦᠳᠡ ᠨᠠᠢᠢᠷᠠᠮᠳᠠᠬᠤ ᠦᠽᠪᠧᠻ ᠤᠯᠤᠰ ᠲᠤ ᠰᠠᠭᠤᠭ᠎ᠠ ᠡᠯᠴᠢᠨ ᠰᠠᠢᠢᠳ ᠤᠨ ᠶᠠᠮᠤ ᠢᠢ ᠠᠯᠪᠠᠨ ᠶᠣᠰᠣᠭᠠᠷ ᠨᠡᠭᠡᠭᠡᠵᠦ᠂ ᠮᠣᠩ᠋ᠭᠣᠯ-ᠦᠽᠪᠧᠻ ᠤᠨ ᠪᠢᠽᠢᠨ᠋᠋ᠧᠰ ᠹᠣᠷᠥ᠋ᠮ᠂ ᠰᠤᠶᠤᠯ ᠤᠨ ᠬᠠᠮᠲᠤᠷᠠᠭᠰᠠᠨ ᠲᠣᠭᠯᠠᠯᠲᠠ ᠵᠡᠷᠭᠡ ᠠᠷᠭ᠎ᠠ ᠬᠡᠮᠵᠢᠶ᠎ᠡ ᠵᠣᠬᠢᠶᠠᠨ ᠪᠠᠢᠢᠭᠤᠯᠬᠤ ᠪᠠᠷ ᠲᠥᠯᠥᠪᠯᠡᠵᠦ ᠪᠠᠢᠢᠨ᠎ᠠ᠃