Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊᠂ ᠬᠦᠷᠡᠯᠰᠦ᠋ᠬᠡ ᠪᠦᠭᠦᠳᠡ ᠨᠠᠢᠢᠷᠠᠮᠳᠠᠬᠤ ᠦᠽᠪᠧᠻ ᠤᠯᠤᠰ ᠤᠨ ᠣᠯᠢᠢ ᠮᠠᠵᠯᠢᠰ ᠦᠨ ᠰᠧᠨᠠᠲ ᠤᠨ ᠳᠠᠷᠤᠭ᠎ᠠ ᠢᠢ ᠬᠦᠯᠢᠶᠡᠨ ᠠᠪᠴᠤ ᠠᠭᠤᠯᠵᠠᠯ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊᠂ ᠬᠦᠷᠡᠯᠰᠦ᠋ᠬᠡ ᠢᠢᠨ ᠪᠦᠭᠦᠳᠡ ᠨᠠᠢᠢᠷᠠᠮᠳᠠᠬᠤ ᠦᠽᠪᠧᠻ ᠤᠯᠤᠰ ᠲᠤ ᠬᠢᠵᠦ ᠪᠤᠢ ᠲᠥᠷᠥ ᠢᠢᠨ ᠠᠢᠢᠯᠴᠢᠯᠠᠯ ᠦᠷᠭᠦᠯᠵᠢᠯᠡᠵᠦ ᠪᠠᠢᠢᠨ᠎ᠠ᠃

ᠶᠡᠷᠦᠩᠬᠡᠢᠢᠯᠡᠭᠴᠢ ᠤ᠊᠂ ᠬᠦᠷᠡᠯᠰᠦ᠋ᠬᠡ ᠲᠤᠰ ᠤᠯᠤᠰ ᠤᠨ ᠣᠯᠢᠢ ᠮᠠᠵᠯᠢᠰ ᠦᠨ ᠰᠧᠨᠠᠲ ᠤᠨ ᠳᠠᠷᠤᠭ᠎ᠠ ᠲᠠᠨ᠋ᠽᠢᠯᠠ ᠨᠠᠷᠪᠸᠶᠸᠸᠠ ᠢᠢ ᠬᠦᠯᠢᠶᠡᠨ ᠠᠪᠴᠤ ᠠᠭᠤᠯᠵᠠᠯ᠎ᠠ᠃ ᠶᠡᠷᠦᠩᠬᠡᠢᠢᠯᠡᠭᠴᠢ᠂ ᠬᠣᠶᠠᠷ ᠤᠯᠤᠰ ᠤᠨ ᠲᠥᠷᠥ ᠢᠢᠨ ᠲᠡᠷᠢᠭᠦᠨ ᠦ ᠠᠯᠪᠠᠨ ᠶᠣᠰᠣᠨ ᠤ ᠬᠡᠯᠡᠯᠴᠡᠭᠡ ᠬᠠᠯᠠᠭᠤᠨ ᠳᠣᠲᠣᠨᠣ᠂ ᠠᠵᠢᠯ ᠬᠡᠷᠡᠭᠴᠢ ᠠᠭᠤᠷ ᠠᠮᠢᠰᠬᠤᠯ ᠳᠤ ᠦᠷ᠎ᠡ ᠳ᠋ᠦᠩ ᠲᠡᠢ ᠪᠣᠯᠤᠭᠰᠠᠨ ᠢ ᠣᠨᠴᠠᠯᠠᠯ᠎ᠠ᠃

ᠨᠡᠭᠦᠳᠡᠯ ᠦᠨ ᠰᠤᠶᠤᠯ ᠢᠷᠭᠡᠨᠰᠢᠯ᠂ ᠲᠡᠦᠬᠡ᠂ ᠶᠣᠰᠣ ᠵᠠᠩᠰᠢᠯ ᠵᠡᠷᠭᠡ ᠢᠵᠢᠯ ᠲᠥᠰᠲᠡᠢ ᠦᠨᠡᠲᠦ ᠵᠦᠢᠯᠡᠰ ᠲᠡᠢ ᠬᠣᠶᠠᠷ ᠣᠷᠣᠨ ᠤ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠪᠦᠬᠦ ᠰᠠᠯᠪᠤᠷᠢ ᠳᠤ ᠡᠷᠴᠢᠮᠵᠢᠭᠦᠯᠦᠨ ᠬᠥᠭ᠍ᠵᠢᠭᠦᠯᠬᠦ ᠢᠢᠨ ᠲᠥᠯᠥᠭᠡ ᠪᠤᠢ ᠪᠠᠨ ᠢᠯᠡᠷᠬᠡᠢᠢᠯᠡᠪᠡ᠃

ᠡᠭᠦᠨ ᠳᠥ ᠬᠠᠤᠯᠢ ᠲᠣᠭᠲᠠᠭᠠᠬᠤ ᠳᠡᠭᠡᠳᠦ ᠪᠠᠢᠢᠭᠤᠯᠤᠯᠭ᠎ᠠ ᠬᠣᠭᠣᠷᠣᠨᠳᠣ ᠢᠢᠨ ᠬᠠᠮᠲᠤ ᠢᠢᠨ ᠠᠵᠢᠯᠯᠠᠭ᠎ᠠ ᠴᠢᠬᠤᠯᠠ ᠡᠭᠦᠷᠭᠡ ᠭᠦᠢᠴᠡᠳᠭᠡᠵᠦ᠂ ᠵᠢᠩᠲᠡᠢ ᠬᠤᠪᠢ ᠨᠡᠮᠡᠷᠢ ᠣᠷᠣᠭᠤᠯᠤᠨ᠎ᠠ ᠭᠡᠳᠡᠭ ᠲᠥ ᠢᠲᠡᠭᠡᠯᠲᠡᠢ ᠪᠠᠢᠢᠭ᠎ᠠ ᠪᠠᠨ ᠬᠡᠯᠡᠯ᠎ᠡ᠃

ᠰᠧᠨᠠᠲ ᠤᠨ ᠳᠠᠷᠤᠭ᠎ᠠ ᠲ᠊᠂ ᠨᠠᠷᠪᠸᠶᠸᠸᠠ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠲᠥᠷᠥ ᠢᠢᠨ ᠠᠢᠢᠯᠴᠢᠯᠠᠯ ᠳᠤ ᠦᠽᠪᠧᠻ ᠤᠯᠤᠰ ᠤᠨ ᠲᠥᠷᠥ᠂ ᠵᠠᠰᠠᠭ᠂ ᠫᠠᠷᠯᠠᠮᠧᠨ᠋ᠲ ᠤᠨ ᠵᠦᠭ ᠡᠴᠡ ᠥᠨᠳᠥᠷ ᠠᠴᠢ ᠬᠣᠯᠪᠣᠭᠳᠠᠯ ᠥᠭᠴᠦ ᠪᠤᠢ ᠢᠢ ᠣᠨᠴᠠᠯᠠᠵᠤ᠂ ᠫᠠᠷᠯᠠᠮᠧᠨ᠋ᠲ ᠬᠣᠭᠣᠷᠣᠨᠳᠣ ᠢᠢᠨ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ ᠪᠡᠬᠢᠵᠢᠭᠦᠯᠬᠦ ᠳᠥ ᠪᠣᠯᠤᠮᠵᠢᠲᠤ ᠪᠦᠬᠦ ᠲᠠᠯ᠎ᠠ ᠢᠢᠨ ᠳᠡᠮᠵᠢᠯᠭᠡ ᠦᠵᠡᠭᠦᠯᠬᠦ ᠪᠡᠨ ᠢᠯᠡᠷᠬᠡᠢᠢᠯᠡᠪᠡ᠃

ᠲᠠᠯ ᠠ ᠨᠤᠭᠤᠳ ᠬᠣᠶᠠᠷ ᠤᠯᠤᠰ ᠤᠨ ᠬᠠᠷᠢᠯᠴᠠᠭᠠᠨ ᠤ ᠡᠷᠬᠡ ᠵᠦᠢ ᠢᠢᠨ ᠲᠠᠭᠠᠲᠠᠢ ᠣᠷᠴᠢᠨ ᠢ ᠤᠯᠠᠮ ᠪᠡᠬᠢᠵᠢᠭᠦᠯᠬᠦ᠂ ᠬᠠᠤᠯᠢ ᠲᠣᠭᠲᠠᠭᠠᠬᠤ ᠳᠡᠭᠡᠳᠦ ᠪᠠᠢᠢᠭᠤᠯᠤᠯᠭ᠎ᠠ ᠬᠣᠭᠣᠷᠣᠨᠳᠣ ᠬᠠᠷᠢᠯᠴᠠᠨ ᠠᠢᠢᠯᠴᠢᠯᠠᠯ ᠬᠡᠷᠡᠭᠵᠢᠭᠦᠯᠬᠦ᠂ ᠲᠤᠷᠰᠢᠯᠭ᠎ᠠ ᠰᠤᠯᠢᠯᠴᠠᠬᠤ ᠵᠡᠷᠭᠡ ᠪᠡᠷ ᠨᠢᠭ᠌ᠲᠠ ᠬᠠᠮᠲᠤᠷᠠᠨ ᠠᠵᠢᠯᠯᠠᠬᠤ ᠢᠢᠨ ᠲᠥᠯᠥᠭᠡ ᠪᠤᠢ ᠪᠠᠨ ᠨᠣᠲᠠᠯᠠᠪᠠ᠃

ᠶᠡᠷᠦᠩᠬᠡᠢᠢᠯᠡᠭᠴᠢ ᠤ᠊᠂ ᠬᠦᠷᠡᠯᠰᠦ᠋ᠬᠡ ᠣᠯᠢᠢ ᠮᠠᠵᠯᠢᠰ ᠦᠨ ᠬᠦᠨᠳᠦᠲᠦ ᠵᠣᠴᠢᠨ ᠤ ᠳᠡᠪᠲᠡᠷ ᠲᠥ ᠭᠠᠷ ᠤᠨ ᠦᠰᠦᠭ ᠵᠢᠷᠤᠵᠤ᠂ ᠳᠤᠷᠠᠰᠬᠠᠯ ᠤᠨ ᠦᠭᠡ ᠦᠯᠡᠳᠡᠭᠡᠯ᠎ᠡ᠃

ᠪᠦᠭᠦᠳᠡ ᠨᠠᠢᠢᠷᠠᠮᠳᠠᠬᠤ ᠦᠽᠪᠧᠻ ᠤᠯᠤᠰ ᠤᠨ ᠫᠠᠷᠯᠠᠮᠧᠨ᠋ᠲ ᠣᠯᠢᠢ ᠮᠠᠵᠯᠢᠰ ᠨᠢ 65 ᠭᠡᠰᠢᠭᠦᠨ ᠪᠦᠬᠦᠢ ᠰᠧᠨᠠᠲ ᠤᠨ ᠳᠡᠭᠡᠳᠦ ᠲᠠᠩᠬᠢᠮ᠂ 150 ᠭᠡᠰᠢᠭᠦᠨ ᠲᠡᠢ ᠬᠠᠤᠯᠢ ᠲᠣᠭᠲᠠᠭᠠᠬᠤ ᠳᠤᠤᠷᠡᠳᠤ ᠲᠠᠩᠬᠢᠮ ᠠᠴᠠ ᠪᠦᠷᠢᠳᠳᠡᠭ᠃ ᠲᠤᠰ ᠤᠯᠤᠰ ᠤᠨ 25 ᠨᠠᠰᠤ ᠬᠦᠷᠦᠭᠰᠡᠨ ᠢᠷᠭᠡᠨ ᠡᠳᠡᠭᠡᠷ ᠲᠠᠩᠬᠢᠮ ᠤᠨ ᠭᠡᠰᠢᠭᠦᠨ ᠢᠶᠡᠷ ᠰᠣᠩ᠋ᠭᠣᠭᠳᠠᠬᠤ ᠡᠷᠬᠡ ᠲᠡᠢ ᠪᠥᠭᠡᠳ ᠪᠦᠷᠢᠨ ᠡᠷᠬᠡ ᠢᠢᠨ ᠬᠤᠭᠤᠴᠠᠭ᠎ᠠ ᠲᠠᠪᠤᠨ ᠵᠢᠯ ᠪᠠᠢᠢᠳᠠᠭ ᠶᠤᠮ᠃