ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊᠂ ᠬᠦᠷᠡᠯᠰᠦ᠋ᠬᠡ ᠢᠢᠨ ᠪᠦᠭᠦᠳᠡ ᠨᠠᠢᠢᠷᠠᠮᠳᠠᠬᠤ ᠦᠽᠪᠧᠻᠢᠰᠲ᠋ᠠᠨ ᠤᠯᠤᠰ ᠲᠤ ᠬᠢᠵᠦ ᠪᠤᠢ ᠲᠥᠷᠥ ᠢᠢᠨ ᠠᠢᠢᠯᠴᠢᠯᠠᠯ ᠦᠷᠭᠦᠯᠵᠢᠯᠡᠵᠦ ᠪᠠᠢᠢᠨ᠎ᠠ᠃
ᠲᠥᠷᠥ ᠢᠢᠨ ᠠᠢᠢᠯᠴᠢᠯᠠᠯ ᠤᠨ ᠦᠶ᠎ᠡ ᠪᠡᠷ ᠮᠣᠩ᠋ᠭᠣᠯ ᠤᠯᠤᠰ ᠤᠨ ᠡᠯᠴᠢᠨ ᠰᠠᠢᠢᠳ ᠤᠨ ᠶᠠᠮᠤ ᠢᠢ ᠲᠠᠱᠻᠧᠨ᠋ᠲ ᠬᠣᠲᠣᠨᠠ ᠨᠡᠭᠡᠭᠡᠯ᠎ᠡ᠃
ᠬᠣᠶᠠᠷ ᠤᠯᠤᠰ ᠤᠨ ᠲᠥᠷᠥ ᠢᠢᠨ ᠲᠡᠷᠢᠭᠦᠨ ᠦ ᠶᠠᠷᠢᠵᠤ ᠲᠣᠬᠢᠷᠠᠭᠰᠠᠨ ᠤ ᠳᠠᠭᠠᠭᠤ ᠪᠣᠭᠣᠨᠢ ᠬᠤᠭᠤᠴᠠᠭᠠᠨ ᠳᠤ ᠡᠯᠴᠢᠨ ᠰᠠᠢᠢᠳ ᠤᠨ ᠶᠠᠮᠤ ᠪᠠᠨ ᠨᠡᠭᠡᠭᠡᠵᠦ ᠪᠠᠢᠢᠭ᠎ᠠ ᠨᠢ ᠮᠣᠩ᠋ᠭᠣᠯ ᠤᠯᠤᠰ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ ᠬᠥᠭ᠍ᠵᠢᠭᠦᠯᠬᠦ ᠳᠥ ᠣᠨᠴᠠᠭᠠᠢ ᠠᠴᠢ ᠬᠣᠯᠪᠣᠭᠳᠠᠯ ᠥᠭᠴᠦ ᠪᠠᠢᠢᠭ᠎ᠠ ᠢᠢᠨ ᠲᠣᠳᠣ ᠢᠯᠡᠷᠡᠯ ᠭᠡᠳᠡᠭ ᠢ ᠭᠠᠳᠠᠭᠠᠳᠤ ᠬᠠᠷᠢᠯᠴᠠᠭᠠᠨ ᠤ ᠰᠠᠢᠢᠳ ᠪᠠ᠊᠂ ᠪᠠᠲᠤᠴᠡᠴᠡᠭ ᠬᠡᠯᠡᠯ᠎ᠡ᠃
ᠡᠯᠴᠢᠨ ᠰᠠᠢᠢᠳ ᠤᠨ ᠶᠠᠮᠤ ᠬᠤᠳᠠᠯᠳᠤᠭ᠎ᠠ᠂ ᠬᠥᠷᠥᠩ᠋ᠭᠡ ᠣᠷᠣᠭᠤᠯᠤᠯᠲᠠ ᠢᠢ ᠨᠡᠮᠡᠭᠳᠡᠭᠦᠯᠬᠦ᠂ ᠢᠷᠭᠡᠳ ᠦᠨ ᠰᠣᠯᠢᠯᠴᠠᠭ᠎ᠠ᠂ ᠠᠷᠠᠳ ᠲᠦᠮᠡᠨ ᠦ ᠨᠠᠢᠢᠷᠠᠮᠳᠠᠯ᠂ ᠨᠥᠬᠥᠷᠯᠡᠯ ᠢ ᠪᠠᠲᠤᠳᠬᠠᠨ ᠪᠡᠬᠢᠵᠢᠭᠦᠯᠬᠦ ᠳᠥ ᠴᠢᠬᠤᠯᠠ ᠬᠤᠪᠢ ᠨᠡᠮᠡᠷᠢ ᠣᠷᠣᠭᠤᠯᠬᠤ ᠢᠢ ᠲᠡᠮᠳᠡᠭᠯᠡᠯ ᠡ᠃
ᠮᠥᠨ ᠪᠦᠭᠦᠳᠡ ᠨᠠᠢᠢᠷᠠᠮᠳᠠᠬᠤ ᠦᠽᠪᠧᠻᠢᠰᠲ᠋ᠠᠨ ᠤᠯᠤᠰ ᠤᠳᠤᠬᠤ ᠦᠭᠡᠢ ᠤᠯᠠᠭᠠᠨᠪᠠᠭᠠᠲᠤᠷ ᠬᠣᠲᠣᠨᠠ ᠡᠯᠴᠢᠨ ᠰᠠᠢᠢᠳ ᠤᠨ ᠶᠠᠮᠤ ᠪᠠᠨ ᠨᠡᠭᠡᠭᠡᠨ᠎ᠡ ᠭᠡᠳᠡᠭ ᠲᠥ ᠢᠲᠡᠭᠡᠯᠲᠡᠢ ᠪᠠᠢᠢᠭ᠎ᠠ ᠪᠠᠨ ᠢᠯᠡᠷᠬᠡᠢᠢᠯᠡᠪᠡ᠃
ᠨᠡᠭᠡᠭᠡᠯᠲᠡ ᠢᠢᠨ ᠶᠣᠰᠣᠯᠠᠯ ᠳᠤ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ᠂ ᠭᠡᠷᠭᠡᠢ ᠯᠤᠪᠰᠠᠩᠳᠣᠷᠵᠢ ᠢᠢᠨ ᠪᠣᠯᠣᠷᠴᠡᠴᠡᠭ᠂ ᠪᠦᠭᠦᠳᠡ ᠨᠠᠢᠢᠷᠠᠮᠳᠠᠬᠤ ᠦᠽᠪᠧᠻᠢᠰᠲ᠋ᠠᠨ ᠤᠯᠤᠰ ᠤᠨ ᠶᠡᠷᠦᠩᠬᠡᠢ ᠰᠠᠢᠢᠳ ᠠ᠊᠂ ᠠᠷᠢᠫᠣᠸ᠂ ᠭᠠᠳᠠᠭᠠᠳᠤ ᠬᠡᠷᠡᠭ ᠦᠨ ᠰᠠᠢᠢᠳ ᠪ᠊᠂ ᠰᠠᠢᠢᠳᠤᠸ᠂ ᠮᠣᠩ᠋ᠭᠣᠯ ᠤᠯᠤᠰ ᠠᠴᠠ ᠪᠦᠭᠦᠳᠡ ᠨᠠᠢᠢᠷᠠᠮᠳᠠᠬᠤ ᠦᠽᠪᠧᠻᠢᠰᠲ᠋ᠠᠨ ᠤᠯᠤᠰ ᠲᠤ ᠰᠠᠭᠤᠭ᠎ᠠ ᠡᠯᠴᠢᠨ ᠰᠠᠢᠢᠳ ᠳ᠊᠂ ᠪᠠᠲᠤᠪᠠᠭᠠᠲᠤᠷ ᠪᠣᠯᠤᠨ ᠠᠯᠪᠠᠨ ᠤ ᠬᠦᠮᠦᠰ ᠣᠷᠣᠯᠴᠠᠯ᠎ᠠ᠃
ᠮᠣᠩ᠋ᠭᠣᠯ ᠤᠯᠤᠰ ᠤᠨ ᠶᠡᠷᠦᠩᠬᠡᠢ ᠻᠣᠨ᠋ᠰᠤᠢᠯ ᠤᠨ ᠭᠠᠵᠠᠷ 1977-1994 ᠣᠨ ᠳᠤ ᠲᠠᠱᠻᠧᠨ᠋ᠲ ᠬᠣᠲᠣᠨᠠ ᠠᠵᠢᠯᠯᠠᠵᠤ ᠪᠠᠢᠢᠭᠰᠠᠨ᠃ ᠥᠨᠥᠳᠥᠷ ᠦᠨ ᠪᠠᠢᠢᠳᠠᠯ ᠢᠶᠠᠷ ᠲᠤᠰ ᠬᠣᠲᠠ ᠳᠤ 46 ᠡᠯᠴᠢᠨ ᠰᠠᠢᠢᠳ ᠤᠨ ᠶᠠᠮᠤ᠂ ᠶᠡᠷᠦᠩᠬᠡᠢ ᠻᠣᠨ᠋ᠰᠤᠢᠯ ᠤᠨ ᠭᠤᠷᠪᠠ᠂ ᠡᠷᠭᠦᠮᠵᠢᠲᠦ ᠻᠤᠨ᠋ᠰᠤᠢᠯ ᠤᠨ 13 ᠭᠠᠵᠠᠷ ᠦᠢᠯᠡ ᠠᠵᠢᠯᠯᠠᠭ᠎ᠠ ᠶᠠᠪᠤᠭᠤᠯᠵᠤ ᠪᠠᠢᠢᠨ᠎ᠠ᠃