Та "Internet explorer"-ийн сүүлийн хувилбар болох "Microsoft edge"-г ашиглана уу

Хэрэв "Microsoft edge"-г татах бол энд дарж татаж авна уу

ᠦᠨᠳᠦᠰᠦᠨ ᠦ ᠦᠢᠯᠡᠳᠪᠦᠷᠢᠯᠡᠭᠴᠢᠳ ᠦᠽᠪᠧᠻᠢᠰᠲ᠋ᠠᠨ ᠪᠣᠯᠤᠨ ᠲᠥᠪ ᠠᠽᠢ ᠢᠢᠨ ᠣᠷᠣᠨ ᠨᠤᠭᠤᠳ ᠤᠨ ᠵᠠᠬ᠎ᠠ ᠵᠡᠭᠡᠯᠢ ᠳᠥ ᠨᠡᠪᠲᠡᠷᠡᠬᠦ ᠪᠣᠯᠤᠮᠵᠢ ᠡᠷᠡᠰ ᠨᠡᠮᠡᠭᠳᠡᠯ᠎ᠡ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠪᠦᠭᠦᠳᠡ ᠨᠠᠢᠢᠷᠠᠮᠳᠠᠬᠤ ᠦᠽᠪᠧᠻᠢᠰᠲ᠋ᠠᠨ ᠤᠯᠤᠰ ᠲᠤ ᠲᠥᠷᠥ ᠢᠢᠨ ᠠᠢᠢᠯᠴᠢᠯᠠᠯ ᠬᠢᠬᠦ ᠦᠶ᠎ᠡ ᠪᠡᠷ ᠢᠶᠡᠨ ᠲᠤᠰ ᠤᠯᠤᠰ ᠤᠨ ᠶᠡᠷᠦᠩᠬᠡᠢᠢᠯᠡᠭᠴᠢ ᠱᠠᠸᠻᠠᠲ᠋ ᠮᠢᠷᠽᠢᠶᠸᠸ ᠤᠨ ᠬᠠᠮᠲᠤ ᠬᠣᠶᠠᠷ ᠣᠷᠣᠨ ᠤ ᠪᠢᠽᠢᠨ᠋᠋ᠧᠰ ᠡᠷᠬᠢᠯᠡᠭᠴᠢᠳ ᠦᠨ ᠲᠥᠯᠥᠭᠡᠯᠡᠯ ᠲᠡᠢ ᠠᠭᠤᠯᠵᠠᠯ᠎ᠠ᠃

ᠡᠨᠡ ᠨᠢ ᠲᠥᠷᠥ ᠢᠢᠨ ᠲᠡᠷᠢᠭᠦᠨ ᠨᠤᠭᠦᠳ ᠬᠤᠳᠠᠯᠳᠤᠭ᠎ᠠ᠂ ᠡᠳ᠋᠍ ᠦᠨ ᠵᠠᠰᠠᠭ᠂ ᠬᠥᠷᠥᠩ᠋ᠭᠡ ᠣᠷᠣᠭᠤᠯᠤᠯᠲᠠ ᠢᠢᠨ ᠬᠠᠷᠢᠯᠴᠠᠭ᠎ᠠ ᠢᠢ ᠬᠥᠭ᠍ᠵᠢᠭᠦᠯᠬᠦ ᠳᠥ ᠣᠨᠴᠠᠭᠠᠢ ᠠᠩᠬᠠᠷᠴᠤ ᠪᠠᠢᠢᠭ᠎ᠠ ᠢᠢᠨ ᠢᠯᠡᠷᠡᠯ ᠭᠡᠵᠦ ᠬᠣᠶᠠᠷ ᠤᠯᠤᠰ ᠤᠨ ᠪᠢᠽᠢᠨ᠋᠋ᠧᠰ ᠡᠷᠬᠢᠯᠡᠭᠴᠢᠳ ᠦᠵᠡᠵᠦ ᠪᠠᠢᠢᠯ᠎ᠠ᠃

ᠴᠢᠨᠠᠭᠰᠢᠳᠠ ᠬᠤᠳᠠᠯᠳᠤᠭᠠᠨ ᠤ ᠡᠷᠭᠢᠯᠲᠡ ᠢᠢ ᠪᠣᠭᠣᠨᠢ ᠬᠤᠭᠤᠴᠠᠭᠠᠨ ᠳᠤ 10-20 ᠳᠠᠬᠢᠨ ᠨᠡᠮᠡᠭᠳᠡᠭᠦᠯᠬᠦ᠂ ᠠᠭᠤᠯᠠ ᠠᠭᠤᠷᠬᠠᠢ᠂ ᠬᠥᠳᠡᠭᠡ ᠠᠵᠤ ᠠᠬᠤᠢ᠂ ᠬᠥᠩ᠋ᠭᠡᠨ ᠦᠢᠯᠡᠳᠪᠦᠷᠢ᠂ ᠲᠡᠭᠡᠭᠡᠪᠦᠷᠢ᠂ ᠯᠣᠵᠢᠰᠲ᠋ᠢᠭ᠋᠂ ᠠᠶᠠᠯᠠᠯ ᠵᠢᠭᠤᠯᠴᠢᠯᠠᠯ ᠵᠡᠷᠭᠡ ᠡᠳ᠋ ᠦᠨ ᠵᠠᠰᠠᠭ ᠤᠨ ᠲᠡᠷᠢᠭᠦᠯᠡᠬᠦ ᠰᠠᠯᠪᠤᠷᠢ ᠳᠤ ᠬᠠᠮᠲᠤᠷᠠᠬᠤ ᠠᠵᠤ ᠠᠬᠤᠢ ᠢᠢᠨ ᠨᠢᠭᠡᠴᠡ ᠨᠤᠭᠦᠳ ᠢ ᠪᠦᠬᠦ ᠲᠠᠯ᠎ᠠ ᠪᠠᠷ ᠳᠡᠮᠵᠢᠨ᠎ᠡ ᠭᠡᠳᠡᠭ ᠢᠶᠡᠨ ᠬᠣᠶᠠᠷ ᠣᠷᠣᠨ ᠤ ᠶᠡᠷᠦᠩᠬᠡᠢᠢᠯᠡᠭᠴᠢ ᠢᠯᠡᠷᠬᠡᠢᠢᠯᠡᠯ᠎ᠡ᠃

ᠬᠤᠳᠠᠯᠳᠤᠭ᠎ᠠ᠂ ᠡᠳ᠋᠍ ᠦᠨ ᠵᠠᠰᠠᠭ᠂ ᠬᠥᠷᠥᠩ᠋ᠭᠡ ᠣᠷᠣᠭᠤᠯᠤᠯᠲᠠ ᠢᠢᠨ ᠬᠠᠮᠲᠤ ᠢᠢᠨ ᠠᠵᠢᠯᠯᠠᠭ᠎ᠠ ᠢᠢ ᠬᠥᠭ᠍ᠵᠢᠭᠦᠯᠬᠦ 2024-2026 ᠣᠨ ᠤ ᠬᠥᠲᠥᠯᠪᠦᠷᠢ ᠢᠢᠨ ᠬᠦᠷᠢᠶᠡᠨ ᠳᠥ ᠲᠠᠯ᠎ᠠ ᠨᠤᠭᠤᠳ ᠬᠠᠮᠲᠤᠷᠠᠵᠤ ᠬᠡᠷᠡᠭᠵᠢᠭᠦᠯᠬᠦ ᠲᠥᠰᠥᠯ᠂ ᠬᠥᠲᠥᠯᠪᠦᠷᠢ ᠢᠢᠨ ᠢᠶᠡᠨ ᠵᠢᠭᠰᠠᠭᠠᠯᠲᠠ ᠢᠢ ᠪᠠᠲᠤᠯᠠᠯ᠎ᠠ᠃ ᠢᠩ᠋ᠭᠢᠭ᠍ᠰᠡᠨ ᠢᠶᠡᠷ ᠬᠣᠶᠠᠷ ᠤᠯᠤᠰ ᠣᠢᠢᠷ᠎ᠠ ᠢᠢᠨ ᠬᠣᠶᠠᠷ ᠵᠢᠯ ᠳᠥ ᠬᠠᠷᠢᠯᠴᠠᠨ ᠠᠰᠢᠭ ᠲᠠᠢ᠂ ᠪᠣᠳᠠᠲᠤ᠂ ᠢᠳᠡᠪᠬᠢᠲᠡᠢ ᠬᠠᠮᠲᠤ ᠢᠢᠨ ᠠᠵᠢᠯᠯᠠᠭ᠎ᠠ ᠪᠠᠨ ᠶᠠᠪᠤᠭᠤᠯᠬᠤ ᠶᠤᠮ᠃

ᠣᠳᠣ ᠪᠠᠷ ᠮᠠᠨ ᠤ ᠤᠯᠤᠰ ᠤᠨ 10 ᠭᠠᠷᠤᠢ ᠠᠵᠤ ᠠᠬᠤᠢ ᠢᠢᠨ ᠨᠢᠭᠡᠴᠡ ᠦᠽᠪᠧᠻᠢᠰᠲ᠋ᠠᠨ ᠳᠤ ᠦᠢᠯᠡ ᠠᠵᠢᠯᠯᠠᠭ᠎ᠠ ᠶᠠᠪᠤᠭᠤᠯᠵᠤ ᠪᠠᠢᠢᠨ᠎ᠠ᠃

ᠲᠥᠷᠥ ᠢᠢᠨ ᠠᠢᠢᠯᠴᠢᠯᠠᠯ ᠤᠨ ᠦᠶ᠎ᠡ ᠪᠡᠷ ᠵᠣᠬᠢᠶᠠᠨ ᠪᠠᠢᠢᠭᠤᠯᠤᠭᠰᠠᠨ 《ᠪᠢᠽᠢᠨ᠋᠋ᠧᠰ ᠹᠣᠷᠥ᠋ᠮ》 ᠳᠤ ᠬᠣᠶᠠᠷ ᠤᠯᠤᠰ ᠤᠨ 300 ᠭᠠᠷᠤᠢ ᠠᠵᠤ ᠠᠬᠤᠢ ᠢᠢᠨ ᠨᠢᠭᠡᠴᠡ ᠢᠢᠨ ᠲᠥᠯᠥᠭᠡᠯᠡᠯ ᠣᠷᠣᠯᠴᠠᠯ᠎ᠠ᠃ ᠮᠣᠩ᠋ᠭᠣᠯ ᠤᠨ ᠦᠨᠳᠦᠰᠦᠨ ᠦ ᠬᠤᠳᠠᠯᠳᠤᠭ᠎ᠠ᠂ ᠠᠵᠤ ᠦᠢᠯᠡᠳᠪᠦᠷᠢ ᠢᠢᠨ ᠲᠠᠩᠬᠢᠮ᠂ ᠦᠽᠪᠧᠻᠢᠰᠲ᠋ᠠᠨ ᠤ ᠬᠤᠳᠠᠯᠳᠤᠭ᠎ᠠ᠂ ᠠᠵᠤ ᠦᠢᠯᠡᠳᠪᠦᠷᠢ ᠢᠢᠨ ᠲᠠᠩᠬᠢᠮ ᠬᠠᠮᠲᠤ ᠢᠢᠨ ᠠᠵᠢᠯᠯᠠᠭᠠᠨ ᠤ ᠰᠠᠨᠠᠮᠵᠢ ᠪᠢᠴᠢᠭ᠌ ᠢᠶᠡᠨ ᠰᠢᠨᠡᠴᠢᠯᠡᠨ᠂ ᠬᠠᠮᠲᠤᠷᠠᠭᠰᠠᠨ ᠪᠢᠽᠢᠨ᠋᠋ᠧᠰ ᠵᠥᠪᠯᠡᠯ ᠪᠠᠢᠢᠭᠤᠯᠬᠤ ᠪᠣᠯᠤᠯ᠎ᠠ᠃

ᠡᠨᠡ ᠵᠥᠪᠯᠡᠯ ᠪᠢᠽᠢᠨ᠋᠋ᠧᠰ ᠡᠷᠬᠢᠯᠡᠭᠴᠢᠳ ᠢ ᠬᠣᠯᠪᠣᠵᠤ᠂ ᠬᠤᠳᠠᠯᠳᠤᠭ᠎ᠠ᠂ ᠬᠥᠷᠥᠩ᠋ᠭᠡ ᠣᠷᠣᠭᠤᠯᠤᠯᠲᠠ᠂ ᠦᠢᠯᠡᠴᠢᠯᠡᠭᠡ᠂ ᠠᠵᠤ ᠦᠢᠯᠡᠳᠪᠦᠷᠢ ᠢᠢᠨ ᠪᠦᠬᠦ ᠰᠠᠯᠪᠤᠷᠢ ᠢᠢᠨ ᠶᠠᠷᠢᠶ᠎ᠠ ᠬᠡᠯᠡᠯᠴᠡᠭᠡ᠂ ᠬᠠᠮᠲᠤ ᠢᠢᠨ ᠠᠵᠢᠯᠯᠠᠭᠠᠨ ᠤ ᠰᠠᠨᠠᠭᠠᠴᠢᠯᠠᠭ᠎ᠠ ᠢᠢ ᠳᠡᠮᠵᠢᠬᠦ ᠵᠣᠷᠢᠯᠭ᠎ᠠ ᠲᠠᠢ ᠶᠤᠮ᠃

《ᠲᠠᠪᠤᠨ ᠪᠣᠭᠳᠠ ᠰᠣᠯᠶᠥ᠋ᠱᠨ᠋ᠰ》ᠬᠢ᠊᠂ ᠬᠠ᠊᠂ ᠻᠤ᠂ 《ᠮᠣᠩ᠋ᠭᠣᠯ ᠪᠠᠵᠠᠯᠢᠲ᠋》 ᠬᠤ᠊᠂ ᠻᠤ᠂ 《ᠳ᠋ᠣᠻᠲ᠋ᠣᠷ ᠠᠦ᠋ᠲ᠋ᠣ᠋ ᠰᠦᠯᠵᠢᠶ᠎ᠡ》᠂ 《ᠧᠷᠠ ᠵᠢᠮᠢᠰ》 ᠵᠡᠷᠭᠡ ᠣᠯᠠᠨ ᠠᠵᠤ ᠠᠬᠤᠢ ᠢᠢᠨ ᠨᠢᠭᠡᠴᠡ ᠦᠽᠪᠧᠻᠢᠰᠲ᠋ᠠᠨ ᠤ ᠲᠠᠯ᠎ᠠ ᠲᠠᠢ ᠬᠠᠮᠲᠤᠷᠠᠬᠤ ᠭᠡᠷ᠎ᠡ᠂ ᠬᠡᠯᠡᠴᠡᠯ ᠬᠢ᠍ᠭᠰᠡᠨ ᠪᠠᠢᠢᠨ᠎ᠠ᠃

ᠲᠤᠬᠠᠢᠢᠯᠠᠪᠠᠯ ᠡᠮᠨᠡᠯᠭᠡ ᠢᠢᠨ ᠳᠡᠪᠰᠢᠯᠲᠡᠲᠦ ᠲᠣᠨᠣᠭ ᠲᠥᠬᠥᠭᠡᠷᠦᠮᠵᠢ᠂ ᠬᠢᠮᠡᠯ ᠣᠶᠤᠨ ᠤᠬᠠᠭᠠᠨ ᠤ ᠲᠧᠭᠨᠣᠯᠣᠭᠢ ᠠᠰᠢᠭᠯᠠᠨ ᠬᠣᠣᠷᠲᠤ ᠬᠠᠪᠤᠳᠠᠷ ᠪᠣᠯᠤᠨ ᠠᠮᠢᠳᠤᠷᠠᠯ ᠤᠨ ᠬᠡᠪ ᠮᠠᠶᠢᠭ ᠠᠴᠠ ᠰᠢᠯᠲᠠᠭᠠᠯᠠᠬᠤ ᠡᠪᠡᠳᠴᠢᠯᠡᠯ ᠢ ᠡᠷᠲᠡ ᠢᠯᠡᠷᠡᠭᠦᠯᠳᠡᠭ 《NURA》 ᠲᠥᠰᠥᠯ ᠢ ᠲᠤᠰ ᠤᠯᠤᠰ ᠲᠤ ᠨᠡᠪᠲᠡᠷᠡᠭᠦᠯᠬᠦ ᠪᠣᠯᠤᠯ᠎ᠠ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠪᠦᠭᠦᠳᠡ ᠨᠠᠢᠢᠷᠠᠮᠳᠠᠬᠤ ᠦᠽᠪᠧᠻᠢᠰᠲ᠋ᠠᠨ ᠤᠯᠤᠰ ᠲᠤ ᠬᠢᠵᠦ ᠪᠠᠢᠢᠭ᠎ᠠ ᠲᠥᠷᠥ ᠢᠢᠨ ᠠᠢᠢᠯᠴᠢᠯᠠᠯ ᠤᠨ ᠪᠦᠷᠢᠯᠳᠦᠬᠦᠨ ᠳᠥ ᠦᠨᠳᠦᠰᠦᠨ ᠦ 40 ᠭᠠᠷᠤᠢ ᠦᠢᠯᠡᠳᠪᠦᠷᠢᠯᠡᠭᠴᠢ᠂ ᠵᠢᠵᠢᠭ᠂ ᠳᠤᠮᠳᠠ ᠦᠢᠯᠡᠳᠪᠦᠷᠢᠯᠡᠯ ᠡᠷᠬᠢᠯᠡᠭᠴᠢᠳ᠂ ᠪᠠᠶᠠᠯᠢᠭ ᠪᠦᠲᠦᠭᠡᠭ᠍ᠴᠢᠳ ᠦᠨ ᠲᠥᠯᠥᠭᠡᠯᠡᠯ ᠪᠠᠭᠲᠠᠭᠰᠠᠨ ᠶᠤᠮ᠃

ᠬᠣᠶᠠᠷ ᠣᠷᠣᠨ ᠤ ᠬᠤᠳᠠᠯᠳᠤᠭᠠᠨ ᠤ ᠡᠷᠭᠢᠯᠲᠡ 2023 ᠣᠨ ᠤ ᠪᠠᠢᠢᠳᠠᠯ ᠢᠶᠠᠷ 10 ᠰᠠᠶ᠎ᠠ ᠠᠮᠠ᠂ ᠳ᠋ᠣᠯᠯᠠᠷ᠂ ᠨᠡᠷ᠎ᠡ᠂ ᠲᠥᠷᠥᠯ ᠨᠢ ᠴᠥᠭᠡᠨ ᠬᠡᠳᠦᠢ ᠴᠤ ᠴᠠᠷ᠎ ᠲᠠᠬᠤᠯ ᠤᠨ ᠦᠢ ᠡ ᠡᠴᠡ ᠬᠣᠢᠢᠰᠢ ᠲᠣᠭᠲᠠᠮᠠᠯ ᠥᠰᠴᠦ ᠪᠠᠢᠢᠭ᠎ᠠ᠃

ᠮᠠᠨ ᠤ ᠤᠯᠤᠰ 4.6 ᠰᠠᠶ᠎ᠠ ᠠᠮᠠ᠂ ᠳ᠋ᠣᠯᠯᠠᠷ ᠤᠨ ᠦᠨ᠎ᠡ ᠪᠦᠬᠦᠢ ᠬᠣᠨᠢ᠂ ᠬᠤᠷᠠᠭᠠᠨ ᠤ ᠪᠣᠯᠪᠠᠰᠤᠷᠠᠭᠤᠯᠤᠭᠰᠠᠨ ᠠᠷᠠᠰᠤ᠂ ᠥᠯᠥᠨ ᠭᠡᠳᠡᠰᠦ᠂ ᠬᠣᠨᠢ᠂ ᠢᠮᠠᠭ᠎ᠠ᠂ ᠦᠬᠡᠷ ᠦᠨ ᠬᠥᠯᠳᠡᠭᠦᠦ ᠮᠢᠬ᠎ᠠ ᠵᠡᠷᠭᠡ ᠢᠢ ᠡᠻᠰᠫᠣᠷᠲ᠋ᠯᠠᠵᠤ᠂ ᠦᠽᠪᠧᠻᠢᠰᠲ᠋ᠠᠨ ᠠᠴᠠ 5.4 ᠰᠠᠶ᠎ᠠ ᠠᠮᠠ᠂ ᠳ᠋ᠣᠯᠯᠠᠷ ᠤᠨ ᠦᠨ᠎ᠡ ᠪᠦᠬᠦᠢ ᠤᠰᠤᠨ ᠦᠵᠦᠮ᠂ ᠵᠢᠮᠢᠰ᠂ ᠬᠦᠨᠡᠰᠦᠨ ᠦ ᠪᠦᠲᠦᠭᠡᠭ᠍ᠳᠡᠬᠦᠨ᠂ ᠬᠥᠷᠥᠭᠡᠬᠦ᠂ ᠬᠥᠯᠳᠡᠭᠡᠬᠦ ᠴᠠᠬᠢᠯᠭᠠᠨ ᠲᠥᠬᠥᠭᠡᠷᠦᠮᠵᠢ᠂ ᠠᠴᠢᠶᠠᠨ ᠤ ᠠᠦ᠋ᠲ᠋ᠣᠮᠠᠱᠢᠨ ᠢᠮᠫᠣᠷᠲ ᠢᠶᠠᠷ ᠠᠪᠴᠠᠢ᠃

ᠦᠽᠪᠧᠻᠢᠰᠲ᠋ᠠᠨ ᠤᠯᠤᠰ ᠰᠡᠭᠦᠯ ᠦᠨ ᠵᠢᠯ ᠦᠳ ᠲᠥ ᠬᠥᠷᠥᠩ᠋ᠭᠡ ᠣᠷᠣᠭᠤᠯᠤᠯᠲᠠ᠂ ᠪᠢᠽᠢᠨ᠋᠋ᠧᠰ ᠦᠨ ᠣᠷᠴᠢᠨ ᠢᠶᠠᠨ ᠰᠠᠢᠢᠵᠢᠷᠠᠭᠤᠯᠬᠤ᠂ ᠲᠤᠯᠭᠠᠷᠡᠵᠤ ᠪᠠᠢᠢᠭ᠎ᠠ ᠬᠦᠨᠳᠦᠷᠡᠯ᠂ ᠪᠡᠷᠬᠡᠰᠢᠶᠡᠯ ᠢ ᠠᠷᠢᠯᠭᠠᠬᠤ ᠰᠢᠢᠳᠮᠡᠭᠡᠢ ᠠᠯᠬᠤᠮ ᠠᠪᠴᠤ ᠪᠠᠢᠢᠨ᠎ᠠ᠃

ᠡᠭᠦᠨ ᠦ ᠳ᠋ᠦᠩ ᠳᠥ ᠡᠳ᠋᠍ ᠦᠨ ᠵᠠᠰᠠᠭ ᠨᠢ ᠰᠡᠭᠦᠯ ᠦᠨ ᠵᠢᠯ ᠦᠳ ᠲᠥ ᠪᠠᠷᠤᠭ ᠬᠣᠶᠠᠷ ᠳᠠᠬᠢᠨ ᠥᠰᠴᠦ᠂ ᠳᠣᠲᠣᠭᠠᠳᠤ ᠢᠢᠨ ᠨᠡᠢᠢᠲᠡ ᠪᠦᠲᠦᠭᠡᠭ᠍ᠳᠡᠬᠦᠨ 1.5 ᠳᠠᠬᠢᠨ᠂ ᠠᠵᠤ ᠠᠬᠤᠢ ᠢᠢᠨ ᠨᠢᠭᠡᠴᠡ ᠢᠢᠨ ᠲᠣᠭ᠎ᠠ ᠬᠣᠶᠠᠷ ᠳᠠᠬᠢᠨ᠂ ᠠᠵᠤ ᠦᠢᠯᠡᠳᠪᠦᠷᠢᠯᠡᠯ 40 ᠬᠤᠪᠢ ᠪᠡᠷ ᠥᠰᠴᠠᠢ᠃

2023 ᠣᠨ ᠤ ᠪᠠᠢᠢᠳᠠᠯ ᠢᠶᠠᠷ ᠳᠣᠲᠣᠭᠠᠳᠤ ᠢᠢᠨ ᠨᠡᠢᠢᠲᠡ ᠪᠦᠲᠦᠭᠡᠭ᠍ᠳᠡᠬᠦᠨ ᠦ ᠬᠡᠮᠵᠢᠶ᠎ᠡ 90 ᠲᠡᠷᠪᠤᠮ ᠠᠮᠠ᠂ ᠳ᠋ᠣᠯᠯᠠᠷ᠂ ᠨᠢᠭᠡ ᠬᠦᠨᠳᠦ ᠨᠣᠭᠳᠠᠬᠤ ᠬᠡᠮᠵᠢᠶ᠎ᠡ ᠨᠢ 2.510 ᠠᠮᠠ᠂ ᠳ᠋ᠣᠯᠯᠠᠷ᠂ ᠭᠠᠳᠠᠭᠠᠳᠤ ᠬᠤᠳᠠᠯᠳᠤᠭᠠᠨ ᠤ ᠡᠷᠭᠢᠯᠲᠡ 63 ᠣᠷᠴᠢᠮ ᠲᠡᠷᠪᠤᠮ ᠠᠮᠠ᠂ ᠳ᠋ᠣᠯᠯᠠᠷ ᠲᠤ ᠬᠦᠷᠦᠭᠰᠡᠨ ᠪᠠᠢᠢᠨ᠎ᠠ᠃

ᠦᠽᠪᠧᠻᠢᠰᠲ᠋ᠠᠨ ᠳᠠᠯᠠᠢ ᠳᠤ ᠭᠠᠷᠴᠠ ᠦᠭᠡᠢ᠂ ᠪᠠᠢᠢᠭᠠᠯᠢ ᠢᠢᠨ ᠪᠠᠶᠠᠯᠢᠭ ᠤᠨ ᠠᠷᠪᠢᠨ ᠨᠥᠭᠡᠴᠡ ᠲᠡᠢ᠂ 2.700 ᠭᠠᠷᠤᠢ ᠣᠷᠳᠣ ᠭᠠᠵᠠᠷ ᠢᠯᠡᠷᠡᠭᠦᠯᠵᠦ᠂ 60 ᠭᠠᠷᠤᠢ ᠲᠥᠷᠥᠯ ᠦᠨ ᠡᠷᠦᠳᠡᠰᠦ ᠪᠠᠶᠠᠯᠢᠭ ᠣᠯᠪᠤᠷᠢᠯᠠᠳᠠᠭ᠃ ᠠᠯᠲᠠᠨ ᠤ ᠨᠥᠭᠡᠴᠡ ᠪᠡᠷ ᠳᠡᠯᠡᠬᠡᠢ ᠳᠥ ᠳᠥᠷᠪᠡ ᠳᠥ᠂ ᠣᠯᠪᠤᠷᠢᠯᠠᠯᠲᠠ ᠢᠢᠨ ᠬᠡᠮᠵᠢᠶ᠎ᠡ ᠪᠡᠷ ᠳᠣᠯᠣᠭᠠᠳᠤᠭᠠᠷ ᠲᠤ ᠣᠷᠣᠳᠠᠭ ᠶᠤᠮ᠃