ᠮᠣᠩ᠋ᠭᠣᠯ ᠤᠯᠤᠰ ᠤᠨ ᠶᠡᠬᠡ ᠬᠤᠷᠠᠯ /ᠤᠯᠤᠰ ᠤᠨ ᠶᠡᠬᠡ ᠬᠤᠷᠠᠯ/ ᠍ ᠤᠨ 2024 ᠣᠨ ᠤ ᠡᠭᠡᠯᠵᠢᠲᠦ ᠰᠣᠩ᠋ᠭᠣᠭᠤᠯᠢ ᠢᠢᠨ ᠳ᠋ᠦᠩ᠂ ᠤᠯᠤᠰ ᠤᠨ ᠶᠡᠬᠡ ᠬᠤᠷᠠᠯ ᠤᠨ ᠭᠡᠰᠢᠭᠦᠨ ᠢᠶᠡᠷ ᠰᠣᠩ᠋ᠭᠣᠭᠳᠠᠭᠰᠠᠨ ᠳᠤ ᠲᠣᠭᠠᠴᠠᠭᠰᠠᠨ ᠲᠤᠬᠠᠢ ᠲᠣᠭᠲᠠᠭᠠᠯ ᠢ ᠰᠣᠩ᠋ᠭᠣᠭᠤᠯᠢ ᠢᠢᠨ ᠶᠡᠷᠦᠩᠬᠡᠢ ᠬᠣᠷᠢᠶᠠᠨ ᠠᠴᠠ ᠥᠨᠥᠳᠥᠷ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠥ᠋ᠬᠡ ᠳᠥ ᠡᠷᠭᠥᠨ ᠮᠡᠳᠡᠭᠦᠯᠦᠯ᠎ᠡ᠃
ᠰᠣᠩ᠋ᠭᠣᠭᠤᠯᠢ ᠢᠢᠨ ᠶᠡᠷᠦᠩᠬᠡᠢ ᠬᠣᠷᠢᠶᠠᠨ ᠤ ᠳᠠᠷᠤᠭ᠎ᠠ ᠫ᠊᠂ ᠳᠡᠯᠭᠡᠷᠨᠠᠷᠠᠨ ᠮᠣᠩ᠋ᠭᠣᠯ ᠤᠯᠤᠰ ᠤᠨ ᠶᠡᠬᠡ ᠬᠤᠷᠠᠯ ᠤᠨ 2024 ᠣᠨ ᠤ ᠡᠭᠡᠯᠵᠢᠲᠦ ᠰᠣᠩ᠋ᠭᠣᠭᠤᠯᠢ ᠢᠢ ᠬᠠᠤᠯᠢ ᠲᠣᠭᠲᠠᠭᠠᠮᠵᠢ ᠳᠤ ᠨᠡᠢᠢᠴᠡᠭᠦᠯᠦᠨ 2024 ᠣᠨ ᠤ 6 ᠳ᠋ᠤᠭᠠᠷ ᠰᠠᠷ᠎ᠠ ᠢᠢᠨ 28 ᠍ ᠤ ᠡᠳᠦᠷ ᠠᠮᠵᠢᠯᠲᠠᠲᠠᠢ ᠵᠣᠬᠢᠶᠠᠨ ᠪᠠᠢᠢᠭᠤᠯᠤᠭᠰᠠᠨ ᠲᠠᠯ᠎ᠠ ᠪᠠᠷ ᠮᠣᠩ᠋ᠭᠣᠯ ᠤᠯᠤᠰ ᠤᠨ ᠶᠡᠷᠦᠩᠬᠡᠢᠢᠯᠡᠭᠴᠢ ᠳᠥ ᠲᠣᠪᠴᠢ ᠲᠠᠨᠢᠯᠴᠠᠭᠤᠯᠪᠠ᠃
ᠡᠭᠡᠯᠵᠢᠲᠦ ᠰᠣᠩ᠋ᠭᠣᠭᠤᠯᠢ ᠢᠢᠨ ᠰᠠᠨᠠᠯ ᠬᠤᠷᠢᠶᠠᠯᠲᠠ ᠢᠢᠨ ᠳ᠋ᠦᠩ ᠳᠥ ᠦᠨᠳᠦᠰᠦᠯᠡᠨ ᠰᠣᠩ᠋ᠭᠣᠭᠤᠯᠢ ᠢᠢᠨ ᠶᠡᠷᠦᠩᠬᠡᠢ ᠬᠣᠷᠢᠶ᠎ᠠ 2024 ᠣᠨ ᠤ 6 ᠳ᠋ᠤᠭᠠᠷ ᠰᠠᠷ᠎ᠠ ᠢᠢᠨ 30 ᠍ ᠤ ᠡᠳᠦᠷ ᠬᠤᠷᠠᠯᠳᠤᠵᠤ᠂ ᠲᠣᠭᠣᠷᠢᠭ ᠲᠤᠰ ᠪᠦᠷᠢ ᠪᠡᠷ ᠬᠠᠮᠤᠭ ᠤᠨ ᠣᠯᠠᠨ ᠰᠠᠨᠠᠯ ᠠᠪᠤᠭᠰᠠᠨ ᠨᠡᠢᠢᠲᠡ 78 ᠨᠡᠷ᠎ᠡ ᠳᠡᠪᠰᠢᠭᠴᠢ᠂ ᠮᠥᠨ ᠨᠠᠮ᠂ ᠡᠪᠰᠡᠯ ᠦᠨ ᠠᠪᠤᠭᠰᠠᠨ ᠰᠠᠨᠠᠯ ᠤᠨ ᠳ᠋ᠦᠩ ᠳᠥ ᠦᠨᠳᠦᠰᠦᠯᠡᠨ 48 ᠨᠡᠷ᠎ᠡ ᠳᠡᠪᠰᠢᠭᠴᠢ ᠢᠢ ᠤᠯᠤᠰ ᠤᠨ ᠶᠡᠬᠡ ᠬᠤᠷᠠᠯ ᠤᠨ ᠭᠡᠰᠢᠭᠦᠨ ᠢᠶᠡᠨ ᠰᠣᠩ᠋ᠭᠣᠭᠳᠠᠭᠰᠠᠨ ᠳᠤ ᠲᠣᠭᠠᠴᠠᠬᠤ ᠲᠤᠬᠠᠢ ᠲᠣᠭᠲᠠᠭᠠᠯ ᠭᠠᠷᠭᠠᠭᠰᠠᠨ ᠭᠡᠳᠡᠭ ᠢ ᠬᠡᠯᠡᠯ᠎ᠡ᠃
ᠮᠣᠩ᠋ᠭᠣᠯ ᠤᠯᠤᠰ ᠤᠨ ᠶᠡᠷᠦᠩᠬᠡᠢᠢᠯᠡᠭᠴᠢ ᠰᠣᠩ᠋ᠭᠣᠭᠤᠯᠢ ᠢᠢᠨ ᠳ᠋ᠦᠩ᠋ ᠢ ᠬᠦᠯᠢᠶᠡᠨ ᠠᠪᠴᠤ᠂ ᠤᠯᠤᠰ ᠤᠨ ᠶᠡᠬᠡ ᠬᠤᠷᠠᠯ ᠤᠨ ᠶᠢᠰᠦ ᠳ᠋ᠡᠬᠢ ᠤᠳᠠᠭ᠎ᠠ ᠢᠢᠨ ᠡᠭᠡᠯᠵᠢᠲᠦ ᠰᠣᠩ᠋ᠭᠣᠭᠤᠯᠢ ᠢᠢ ᠠᠮᠵᠢᠯᠲᠠᠲᠠᠢ ᠵᠣᠬᠢᠶᠠᠨ ᠪᠠᠢᠢᠭᠤᠯᠤᠭᠰᠠᠨ ᠰᠣᠩ᠋ᠭᠣᠭᠤᠯᠢ ᠢᠢᠨ ᠶᠡᠷᠦᠩᠬᠡᠢ ᠬᠣᠷᠢᠶ᠎ᠠ᠂ ᠰᠣᠩ᠋ᠭᠣᠭᠤᠯᠢ ᠢᠢ ᠵᠣᠬᠢᠶᠠᠨ ᠪᠠᠢᠢᠭᠤᠯᠬᠤ ᠳᠤ ᠣᠷᠣᠯᠴᠠᠭᠰᠠᠨ ᠨᠡᠢᠢᠲᠡ ᠲᠥᠷᠥ ᠢᠢᠨ ᠠᠯᠪᠠᠨ ᠬᠠᠭᠠᠭᠴᠢᠳ ᠲᠤ ᠲᠠᠯᠠᠷᠬᠠᠯ ᠢᠯᠡᠷᠬᠡᠢᠢᠯᠡᠵᠦ᠂ ᠠᠮᠵᠢᠯᠲᠠ ᠬᠦᠰᠡᠪᠡ᠃