Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊᠂ ᠬᠦᠷᠡᠯᠰᠦ᠋ᠬᠡ ᠤᠯᠤᠰ ᠤᠨ ᠶᠡᠬᠡ ᠬᠤᠷᠠᠯ ᠤᠨ ᠰᠣᠩ᠋ᠭᠣᠭᠤᠯᠢ ᠳᠤ ᠰᠠᠭᠤᠳᠠᠯ ᠠᠪᠤᠭᠰᠠᠨ ᠨᠠᠮ᠂ ᠡᠪᠰᠡᠯ ᠦᠨ ᠤᠳᠤᠷᠢᠳᠤᠯᠭ᠎ᠠ ᠢᠢ ᠬᠦᠯᠢᠶᠡᠨ ᠠᠪᠴᠤ ᠠᠭᠤᠯᠵᠠᠯ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠥᠨᠥᠳᠥᠷ ᠤᠯᠤᠰ ᠤᠨ ᠶᠡᠬᠡ ᠬᠤᠷᠠᠯ ᠤᠨ 2024 ᠣᠨ ᠤ ᠡᠭᠡᠯᠵᠢᠲᠦ ᠰᠣᠩ᠋ᠭᠣᠭᠤᠯᠢ ᠳᠤ ᠰᠠᠭᠤᠳᠠᠯ ᠠᠪᠤᠭᠰᠠᠨ ᠨᠠᠮ᠂ ᠡᠪᠰᠡᠯ ᠦᠨ ᠤᠳᠤᠷᠢᠳᠤᠯᠭ᠎ᠠ ᠢᠢ ᠬᠦᠯᠢᠶᠡᠨ ᠠᠪᠴᠤ ᠠᠭᠤᠯᠵᠠᠵᠤ᠂ ᠤᠯᠤᠰ ᠤᠨ ᠶᠡᠬᠡ ᠬᠤᠷᠠᠯ ᠤᠨ ᠠᠩᠬᠠᠳᠤᠭᠠᠷ ᠴᠢᠭᠤᠯᠭᠠᠨ ᠢ ᠲᠣᠪᠯᠠᠨ ᠵᠠᠷᠯᠠᠬᠤ ᠡᠳᠦᠷ ᠢ ᠵᠥᠪᠰᠢᠯᠴᠡᠯ ᠡ᠃

ᠠᠭᠤᠯᠵᠠᠯᠲᠠ ᠢᠢᠨ ᠡᠬᠢᠨ ᠳᠥ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠯᠤᠰ ᠤᠨ ᠶᠡᠬᠡ ᠬᠤᠷᠠᠯ ᠤᠨ ᠶᠢᠰᠦ ᠳ᠋ᠡᠬᠢ ᠤᠳᠠᠭ᠎ᠠ ᠢᠢᠨ ᠡᠭᠡᠯᠵᠢᠲᠦ ᠰᠣᠩ᠋ᠭᠣᠭᠤᠯᠢ ᠨᠢ ᠦᠨᠳᠦᠰᠦᠨ ᠬᠠᠤᠯᠢ ᠳᠤ ᠣᠷᠣᠭᠤᠯᠤᠭᠰᠠᠨ ᠨᠡᠮᠡᠯᠲᠡ᠂ ᠥᠭᠡᠷᠡᠴᠢᠯᠡᠯᠲᠡ ᠢᠢᠨ ᠳᠠᠭᠠᠭᠤ ᠠᠩᠬ᠎ᠠ ᠤᠳᠠᠭ᠎ᠠ 126 ᠭᠡᠰᠢᠭᠦᠨ ᠢ ᠬᠣᠣᠰᠯᠠᠭᠰᠠᠨ ᠲᠣᠭᠲᠠᠯᠴᠠᠭ᠎ᠠ ᠪᠠᠷ ᠰᠣᠩ᠋ᠭᠣᠭᠰᠠᠨ ᠣᠨᠴᠠᠯᠢᠭ ᠲᠠᠢ ᠪᠣᠯᠤᠭᠰᠠᠨ ᠢ ᠳᠤᠷᠠᠳᠪᠠ᠃

ᠢᠩ᠋ᠭᠢᠭ᠍ᠰᠡᠨ ᠢᠶᠡᠷ 2024-2028 ᠣᠨ ᠤ ᠫᠠᠷᠯᠠᠮᠧᠨ᠋ᠲ ᠨᠢ ᠣᠯᠠᠨ ᠨᠠᠮ ᠤᠨ ᠲᠥᠯᠥᠭᠡᠯᠡᠯ᠂ ᠠᠷᠠᠳ ᠲᠦᠮᠡᠨ ᠦ ᠲᠥᠯᠥᠭᠡᠯᠡᠯ᠂ ᠬᠠᠮᠤᠭ ᠤᠨ ᠣᠯᠠᠨ ᠡᠮᠡᠭᠲᠡᠢ ᠭᠡᠰᠢᠭᠦᠳ ᠡᠴᠡ ᠪᠥᠷᠢᠳᠴᠦ ᠴᠢᠳᠠᠭᠰᠠᠨ ᠢ ᠲᠡᠮᠳᠡᠭᠯᠡᠯ ᠡ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠯᠤᠰ ᠤᠨ ᠶᠡᠬᠡ ᠬᠤᠷᠠᠯ ᠤᠨ ᠡᠭᠡᠯᠵᠢᠲᠦ ᠰᠣᠩ᠋ᠭᠣᠭᠤᠯᠢ ᠳᠤ ᠰᠠᠭᠤᠳᠠᠯ ᠠᠪᠤᠭᠰᠠᠨ ᠨᠠᠮ᠂ ᠡᠪᠰᠡᠯ ᠦᠳ ᠰᠣᠩ᠋ᠭᠣᠭᠤᠯᠢ ᠢᠢᠨ ᠦᠶ᠎ᠡ ᠪᠡᠷ ᠥᠷᠨᠢᠭᠰᠡᠨ ᠮᠠᠷᠭᠤᠭᠠᠨ᠂ ᠲᠠᠮᠠᠴᠠᠯ ᠢ ᠤᠮᠠᠷᠲᠠᠵᠤ᠂ ᠤᠯᠤᠰ ᠣᠷᠣᠨ ᠤ ᠨᠡᠢᠢᠲᠡᠯᠢᠭ ᠡᠷᠬᠡ ᠠᠰᠢᠭ ᠤᠨ ᠲᠥᠯᠥᠭᠡ ᠨᠢᠭᠡᠳᠦᠮᠡᠯ ᠪᠠᠢᠢᠵᠤ᠂ ᠠᠵᠢᠯ ᠢᠶᠠᠨ ᠬᠢᠬᠦ ᠴᠠᠭ ᠢᠷᠡᠭᠰᠡᠨ ᠢ ᠰᠠᠨᠠᠭᠤᠯᠪᠠ᠃

ᠮᠣᠩ᠋ᠭᠣᠯ ᠤᠯᠤᠰ ᠤᠨ ᠲᠤᠰᠠᠭᠠᠷ ᠲᠣᠭᠲᠠᠨᠢᠯ᠂ ᠠᠶᠤᠯ ᠦᠭᠡᠢ ᠪᠠᠢᠢᠳᠠᠯ᠂ ᠦᠨᠳᠦᠰᠦᠨ ᠦ ᠡᠪ ᠨᠢᠭᠡᠳᠦᠯ ᠢ ᠬᠠᠩ᠋ᠭᠠᠬᠤ᠂ ᠬᠠᠮᠠᠭᠠᠯᠠᠬᠤ ᠢᠢᠨ ᠲᠥᠯᠥᠭᠡ ᠬᠠᠷᠢᠯᠴᠠᠨ ᠣᠢᠢᠯᠠᠭᠠᠯᠴᠠᠯ ᠢ ᠴᠢᠬᠤᠯᠠᠴᠢᠯᠠᠵᠤ᠂ ᠤᠷᠤᠭᠰᠢ ᠪᠠᠨ ᠬᠠᠷᠠᠵᠤ ᠠᠵᠢᠯᠯᠠᠬᠤ ᠢᠢ ᠵᠠᠬᠢᠯ᠎ᠠ᠃

ᠠᠭᠤᠯᠵᠠᠯᠲᠠ ᠳᠤ ᠮᠣᠩ᠋ᠭᠣᠯ ᠠᠷᠠᠳ ᠤᠨ ᠨᠠᠮ ᠤᠨ ᠳᠠᠷᠤᠭ᠎ᠠ᠂ ᠶᠡᠷᠦᠩᠬᠡᠢ ᠰᠠᠢᠢᠳ ᠯᠤ᠊᠂ ᠣᠶᠤᠨ-ᠡᠷᠳᠡᠨᠢ᠂ ᠠᠷᠠᠳᠴᠢᠯᠠᠭᠰᠠᠨ ᠨᠠᠮ ᠤᠨ ᠳᠠᠷᠤᠭ᠎ᠠ ᠯ᠊᠂ ᠭᠠᠩᠲᠡᠮᠦᠷ᠂ ᠬᠦᠨᠡᠰᠦᠨ ᠦ ᠦᠢᠯᠡᠳᠪᠦᠷᠢ ᠢᠢᠨ ᠨᠢᠭᠡᠳᠦᠯ ᠨᠠᠮ ᠤᠨ ᠳᠠᠷᠤᠭ᠎ᠠ ᠲ᠊᠂ ᠳᠣᠷᠵᠢᠬᠠᠩᠳᠤ᠂ ᠦᠨᠳᠦᠰᠦᠨ ᠦ ᠡᠪᠰᠡᠯ ᠦᠨ ᠲᠡᠷᠢᠭᠦᠨ ᠨ᠊᠂ ᠨᠣᠮᠲᠠᠢᠢᠪᠠᠶᠠᠷ᠂ ᠢᠷᠭᠡᠨ ᠦ ᠵᠣᠷᠢᠭ ᠨᠣᠭᠣᠭᠠᠨ ᠨᠠᠮ ᠤᠨ ᠳᠠᠷᠤᠭ᠎ᠠ ᠪ᠊᠂ ᠪᠠᠲᠤᠪᠠᠭᠠᠲᠤᠷ ᠨᠠᠷ ᠣᠷᠣᠯᠴᠠᠯ᠎ᠠ᠃