Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠶᠢᠰᠦ ᠳ᠋ᠡᠬᠢ ᠤᠳᠠᠭ᠎ᠠ ᠢᠢᠨ ᠰᠣᠩ᠋ᠭᠣᠭᠤᠯᠢ ᠪᠠᠷ ᠪᠠᠢᠢᠭᠤᠯᠤᠭᠳᠠᠭᠰᠠᠨ ᠤᠯᠤᠰ ᠤᠨ ᠶᠡᠬᠡ ᠬᠤᠷᠠᠯ ᠤᠨ ᠠᠩᠬᠠᠳᠤᠭᠠᠷ ᠴᠢᠭᠤᠯᠭᠠᠨ ᠢ ᠨᠡᠭᠡᠭᠡᠵᠦ ᠦᠭᠡ ᠬᠡᠯᠡᠯ᠎ᠡ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠶᠡᠬᠡ ᠬᠤᠷᠠᠯ ᠤᠨ ᠶᠢᠰᠦ ᠳ᠋ᠡᠬᠢ ᠤᠳᠠᠭ᠎ᠠ ᠢᠢᠨ ᠰᠣᠩ᠋ᠭᠣᠭᠤᠯᠢ ᠪᠠᠷ ᠪᠠᠢᠢᠭᠤᠯᠤᠭᠳᠠᠭᠰᠠᠨ ᠤᠯᠤᠰ ᠤᠨ ᠶᠡᠬᠡ ᠬᠤᠷᠠᠯ ᠤᠨ ᠠᠩᠬᠠᠳᠤᠭᠠᠷ ᠴᠢᠭᠤᠯᠭᠠᠨ ᠢ ᠨᠡᠭᠡᠭᠡᠵᠦ ᠬᠡᠯᠡᠭᠰᠡᠨ ᠦᠭᠡ ᠢᠢ ᠪᠦᠷᠢᠨ ᠡᠬᠢ ᠪᠡᠷ ᠨᠢ ᠬᠦᠷᠭᠡᠵᠦ ᠪᠠᠢᠢᠨ᠎ᠠ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠄

《ᠡᠷᠬᠢᠮ ᠬᠦᠨᠳᠦᠳᠥ ᠠᠷᠠᠳ ᠢᠷᠭᠡᠳ ᠡ᠂

ᠮᠣᠩ᠋ᠭᠣᠯ ᠤᠯᠤᠰ ᠤᠨ ᠶᠡᠬᠡ ᠬᠤᠷᠠᠯ ᠳᠤ ᠰᠢᠨ᠎ᠡ ᠪᠡᠷ ᠰᠣᠩ᠋ᠭᠣᠭᠳᠠᠭᠰᠠᠨ ᠡᠷᠬᠢᠮ ᠭᠡᠰᠢᠭᠦᠳ ᠡ᠂

ᠬᠦᠨᠳᠦᠳᠥ ᠵᠣᠴᠢᠳ ᠠ᠋᠂

ᠮᠣᠩ᠋ᠭᠣᠯ ᠲᠥᠷᠥ ᠢᠢᠨ ᠥᠨᠳᠥᠷ ᠪᠣᠰᠤᠭ᠎ᠠ ᠢᠢ ᠳᠠᠪᠠᠵᠤ ᠠᠷᠠᠳ ᠲᠦᠮᠡᠨ ᠦ ᠪᠡᠨ ᠢᠲᠡᠭᠡᠯ᠂ ᠨᠠᠢᠢᠳᠠᠪᠤᠷᠢ ᠢᠢ ᠬᠦᠯᠢᠶᠡᠨ᠂ ᠥᠷᠭᠡᠨ ᠳᠡᠮᠵᠢᠯᠭᠡ ᠢᠢ ᠠᠪᠴᠤ᠂ ᠨᠡᠢᠢᠲᠡ ᠢᠷᠭᠡᠨ᠂ ᠤᠯᠤᠰ ᠤᠨ ᠠᠰᠢᠭ ᠰᠣᠨᠢᠷᠬᠠᠯ ᠢ ᠳᠡᠭᠡᠳᠦᠯᠡᠵᠦ᠂ ᠡᠬᠡ ᠣᠷᠣᠨ᠂ ᠠᠷᠠᠳ ᠲᠦᠮᠡᠨ ᠦ ᠪᠡᠨ ᠲᠥᠯᠥᠭᠡ ᠬᠦᠴᠦᠨ ᠵᠢᠳᠬᠦᠬᠦ ᠪᠡᠷ ᠲᠥᠷᠥ ᠢᠢᠨ ᠲᠦᠰᠢᠢ ᠡ ᠪᠡᠷ ᠰᠣᠩ᠋ᠭᠣᠭᠳᠠᠭᠰᠠᠨ ᠲᠠ ᠪᠦᠬᠦᠨ ᠳᠥ ᠡᠨᠡ ᠡᠳᠦᠷ ᠦᠨ ᠮᠡᠨᠳᠦ ᠢᠢ ᠬᠦᠷᠭᠡᠵᠦ᠂ ᠠᠮᠵᠢᠯᠲᠠ ᠬᠦᠰᠡᠶ᠎ᠡ᠃

ᠮᠣᠩ᠋ᠭᠣᠯ ᠤᠯᠤᠰ ᠤᠨ ᠰᠣᠩ᠋ᠭᠣᠭᠤᠯᠢ ᠢᠢᠨ ᠡᠷᠬᠡ ᠪᠦᠬᠦᠢ ᠢᠷᠭᠡᠳ ᠨᠡᠢᠢᠲᠡ ᠪᠡᠷ ᠢᠶᠡᠨ ᠴᠢᠯᠦᠭᠡᠲᠡᠢ᠂ ᠰᠢᠭᠤᠳ ᠰᠤᠩ᠋ᠭᠤᠬᠤ ᠡᠷᠬᠡ ᠢᠢᠨ ᠦᠨᠳᠦᠰᠦᠨ ᠳᠡᠭᠡᠷ᠎ᠡ ᠰᠠᠨᠠᠯ ᠢᠶᠠᠨ ᠨᠢᠭᠤᠴᠠ ᠪᠠᠷ ᠭᠠᠷᠭᠠᠵᠤ᠂ ᠲᠥᠷᠥ ᠢᠢᠨ ᠡᠷᠬᠡ ᠪᠠᠷᠢᠬᠤ ᠳᠡᠭᠡᠳᠦ ᠪᠠᠢᠢᠭᠤᠯᠤᠯᠭ᠎ᠠ ᠤᠯᠤᠰ ᠤᠨ ᠶᠡᠬᠡ ᠬᠤᠷᠠᠯ ᠢ ᠰᠣᠩ᠋ᠭᠣᠨ ᠪᠠᠢᠢᠭᠤᠯᠤᠯ᠎ᠠ᠃

ᠮᠣᠩ᠋ᠭᠣᠯᠴᠤᠳ ᠪᠢᠳᠡ ᠡᠳᠦᠭᠡ ᠡᠴᠡ 100 ᠵᠢᠯ ᠦᠨ ᠡᠮᠦᠨ᠎ᠡ ᠠᠩᠬᠠᠳᠤᠭᠠᠷ ᠦᠨᠳᠦᠰᠦᠨ ᠬᠠᠤᠯᠢ ᠪᠠᠨ ᠪᠠᠲᠤᠯᠠᠵᠤ᠂ ᠬᠠᠭᠠᠨᠲᠤ ᠵᠠᠰᠠᠭ᠂ ᠬᠠᠮᠵᠢᠯᠭᠠᠲᠤ ᠶᠣᠰᠣ ᠢᠢ ᠬᠠᠯᠠᠵᠤ᠂ ᠪᠦᠭᠦᠳᠡ ᠨᠠᠢᠢᠷᠠᠮᠳᠠᠬᠤ ᠵᠠᠰᠠᠭ ᠢ ᠰᠣᠩ᠋ᠭᠣᠨ᠂ ᠡᠷᠡᠭᠲᠡᠢ᠂ ᠡᠮᠡᠭᠲᠡᠢ ᠬᠦᠮᠦᠨ ᠠᠳᠠᠯᠢ ᠲᠡᠭᠰᠢ ᠡᠷᠬᠡ ᠲᠡᠢ ᠪᠠᠢᠢᠵᠤ᠂ ᠰᠤᠩ᠋ᠭᠤᠬᠤ᠂ ᠰᠣᠩ᠋ᠭᠣᠭᠳᠠᠬᠤ ᠡᠷᠬᠡ ᠪᠡᠨ ᠪᠠᠲᠤᠯᠠᠭᠠᠵᠢᠭᠤᠯᠵᠤ ᠪᠠᠢᠢᠭᠰᠠᠨ ᠪᠠᠬᠠᠳᠤᠮ᠎ᠠ ᠲᠡᠦᠬᠡ ᠲᠡᠢ ᠠᠷᠠᠳ ᠲᠦᠮᠡᠨ ᠪᠢᠯᠡ᠃

ᠤᠯᠠᠮ ᠢᠶᠠᠷ 1992 ᠣᠨ ᠳᠤ ᠠᠷᠠᠳᠴᠢᠯᠠᠭᠰᠠᠨ ᠰᠢᠨ᠎ᠡ ᠦᠨᠳᠦᠰᠦᠨ ᠬᠠᠤᠯᠢ ᠪᠠᠨ ᠪᠠᠲᠤᠯᠠᠨ ᠲᠤᠰᠠᠭᠠᠷ ᠲᠣᠭᠲᠠᠨᠢᠯ᠂ ᠬᠦᠮᠦᠨ ᠦ ᠡᠷᠬᠡ᠂ ᠡᠷᠬᠡ ᠴᠢᠯᠦᠭᠡ᠂ ᠠᠷᠠᠳᠴᠢᠯᠠᠯ ᠤᠨ ᠵᠠᠷᠴᠢᠮ ᠢ ᠪᠠᠲᠤᠳᠬᠠᠨ ᠪᠡᠬᠢᠵᠢᠭᠦᠯᠵᠦ᠂ ᠫᠠᠷᠯᠠᠮᠧᠨ᠋ᠲ ᠤᠨ 9 ᠳ᠋ᠡᠬᠢ ᠤᠳᠠᠭ᠎ᠠ ᠢᠢᠨ ᠰᠣᠩ᠋ᠭᠣᠭᠤᠯᠢ ᠪᠠᠨ ᠠᠮᠵᠢᠯᠲᠠᠲᠠᠢ ᠵᠣᠬᠢᠶᠠᠨ ᠪᠠᠢᠢᠭᠤᠯᠤᠨ᠂ ᠦᠨᠳᠦᠰᠦᠨ ᠬᠠᠤᠯᠢ ᠢᠢᠨ ᠥᠭᠡᠷᠡᠴᠢᠯᠡᠯᠲᠡ ᠪᠡᠷ ᠪᠠᠲᠤᠯᠠᠭᠠᠵᠢᠭᠰᠠᠨ 126 ᠭᠡᠰᠢᠭᠦᠨ ᠲᠡᠢ ᠠᠩᠬᠠᠨ ᠤ ᠤᠯᠤᠰ ᠤᠨ ᠶᠡᠬᠡ ᠬᠤᠷᠠᠯ ᠪᠠᠢᠢᠭᠤᠯᠤᠭᠳᠠᠯ᠎ᠠ᠃

ᠡᠨᠡ ᠤᠳᠠᠭ᠎ᠠ ᠢᠢᠨ ᠤᠯᠤᠰ ᠤᠨ ᠶᠡᠬᠡ ᠬᠤᠷᠠᠯ ᠤᠨ ᠰᠣᠩ᠋ᠭᠣᠭᠤᠯᠢ ᠳᠤ 19 ᠨᠠᠮ᠂ 2 ᠡᠪᠰᠡᠯ᠂ 42 ᠪᠡᠶ᠎ᠡ ᠳᠠᠭᠠᠭᠠᠭᠴᠢ ᠢᠷᠭᠡᠨ ᠪᠤᠶᠤ ᠨᠡᠢᠢᠲᠡ 1.341 ᠨᠡᠷ᠎ᠡ ᠳᠡᠪᠰᠢᠭᠴᠢ ᠥᠷᠢᠰᠦᠯᠳᠦᠵᠦ᠂ ᠠᠷᠠᠳᠴᠢᠯᠠᠭᠰᠠᠨ ᠮᠣᠩ᠋ᠭᠣᠯ ᠤᠯᠤᠰ ᠤᠨ ᠰᠣᠩ᠋ᠭᠣᠭᠤᠯᠢ ᠢᠢ ᠠᠵᠢᠭᠯᠠᠬᠤ ᠪᠠᠷ ᠭᠠᠳᠠᠭᠠᠳᠤ ᠢᠢᠨ 21 ᠪᠠᠢᠢᠭᠤᠯᠤᠯᠭ᠎ᠠ ᠢᠢᠨ 40 ᠭᠠᠷᠤᠢ ᠣᠷᠣᠨ ᠤ 259 ᠠᠵᠢᠭᠯᠠᠭᠴᠢ᠂ ᠮᠥᠨ ᠳᠣᠲᠣᠭᠠᠳᠤ ᠢᠢᠨ 30 ᠣᠷᠴᠢᠮ ᠮᠢᠩ᠋ᠭᠠᠨ ᠠᠵᠢᠭᠯᠠᠭᠴᠢ ᠰᠣᠩ᠋ᠭᠣᠭᠤᠯᠢ ᠢᠢᠨ ᠦᠢᠯᠡ ᠶᠠᠪᠤᠴᠠ ᠳᠤ ᠬᠢᠨᠠᠯᠲᠠ ᠲᠠᠯᠪᠢᠨ ᠠᠵᠢᠯᠯᠠᠯ᠎ᠠ᠃

ᠤᠯᠤᠰ ᠤᠨ ᠶᠡᠬᠡ ᠬᠤᠷᠠᠯ ᠦᠨ ᠶᠢᠰᠦ ᠳ᠋ᠡᠬᠢ ᠤᠳᠠᠭ᠎ᠠ ᠢᠢᠨ ᠡᠨᠡ ᠰᠣᠩ᠋ᠭᠣᠭᠤᠯᠢ ᠳᠤ ᠮᠠᠨ ᠤ ᠠᠷᠠᠳ ᠢᠷᠭᠡᠳ ᠠᠷᠠᠳᠴᠢᠯᠠᠭᠰᠠᠨ ᠮᠣᠩ᠋ᠭᠣᠯ ᠣᠷᠣᠨ ᠤ ᠪᠠᠨ ᠪᠦᠷᠢᠨ ᠡᠷᠬᠡᠲᠦ ᠡᠵᠡᠨ ᠨᠢ ᠪᠠᠢᠢᠵᠤ᠂ ᠤᠷᠢᠳ ᠡᠮᠦᠨᠡᠬᠢ ᠡᠴᠡ ᠪᠡᠨ ᠢᠯᠡᠭᠦᠦ ᠥᠷᠭᠡᠨ ᠣᠷᠣᠯᠴᠠᠭ᠎ᠠ ᠲᠠᠢ ᠪᠠᠷ ᠰᠤᠩ᠋ᠭᠤᠬᠤ᠂ ᠰᠣᠩ᠋ᠭᠣᠭᠳᠠᠬᠤ ᠡᠷᠬᠡ ᠪᠡᠨ ᠡᠳ᠋ᠯᠡᠯ᠎ᠡ᠃

ᠲᠥᠷᠥᠳᠥ ᠶᠣᠰᠣᠨ ᠤ ᠠᠤᠭ᠎ᠠ ᠲᠡᠦᠬᠡ ᠲᠡᠢ᠂ ᠠᠽᠢ ᠢᠢᠨ ᠴᠡᠭᠡᠵᠢᠨ ᠳ᠋ᠡᠬᠢ ᠠᠷᠠᠳᠴᠢᠯᠠᠭᠰᠠᠨ ᠮᠣᠩ᠋ᠭᠣᠯ ᠤᠯᠤᠰ ᠤᠨ ᠲᠥᠷᠥ ᠢᠢᠨ ᠰᠣᠩ᠋ᠭᠣᠭᠤᠯᠢ ᠬᠠᠤᠯᠢ ᠢᠢᠨ ᠬᠦᠷᠢᠶᠡᠨ ᠳᠥ᠂ ᠠᠷᠠᠳᠴᠢᠯᠠᠭᠰᠠᠨ ᠶᠣᠰᠣ᠂ ᠰᠢᠳᠤᠷᠭᠤ ᠶᠣᠰᠣ᠂ ᠡᠷᠬᠡ ᠴᠢᠯᠦᠭᠡ᠂ ᠲᠡᠭᠰᠢ ᠪᠠᠢᠢᠳᠠᠯ᠂ ᠦᠨᠳᠦᠰᠦᠨ ᠦ ᠡᠪ ᠨᠢᠭᠡᠳᠦᠯ ᠢ ᠬᠠᠩ᠋ᠭᠠᠨ ᠠᠮᠵᠢᠯᠲᠠᠲᠠᠢ ᠵᠣᠬᠢᠶᠠᠨ ᠪᠠᠢᠢᠭᠤᠯᠤᠭᠳᠠᠵᠤ ᠥᠨᠳᠥᠷᠯᠡᠯ᠎ᠡ᠃

ᠵᠠᠰᠠᠭ ᠤᠨ ᠪᠦᠬᠦ ᠡᠷᠬᠡ ᠠᠷᠠᠳ ᠲᠦᠮᠡᠨ ᠦ ᠮᠡᠳᠡᠯ ᠳᠥ ᠪᠠᠢᠢᠬᠤ ᠦᠨᠳᠦᠰᠦᠨ ᠬᠠᠤᠯᠢ ᠪᠠᠷ ᠣᠯᠭᠣᠭᠳᠠᠭᠰᠠᠨ ᠪᠦᠷᠢᠨ ᠡᠷᠬᠡ ᠪᠡᠨ ᠪᠠᠲᠤᠯᠠᠭᠠᠵᠢᠭᠤᠯᠤᠨ᠂ ᠲᠥᠷᠥ ᠢᠢᠨ ᠡᠷᠬᠡ ᠪᠠᠷᠢᠬᠤ ᠳᠡᠭᠡᠳᠦ ᠪᠠᠢᠢᠭᠤᠯᠤᠯᠭ᠎ᠠ ᠢᠢᠨ ᠲᠥᠯᠥᠭᠡᠯᠡᠭᠴᠢᠳ ᠢᠶᠡᠨ ᠰᠤᠩ᠋ᠭᠤᠬᠤ ᠰᠣᠩ᠋ᠭᠣᠭᠤᠯᠢ ᠳᠤ ᠢᠳᠡᠪᠬᠢᠲᠡᠢ ᠣᠷᠣᠯᠴᠠᠭᠰᠠᠨ ᠨᠡᠢᠢᠲᠡ ᠢᠷᠭᠡᠳ᠂ ᠰᠣᠩ᠋ᠭᠣᠭᠴᠢᠳ ᠲᠠᠭᠠᠨ ᠪᠣᠯᠤᠨ ᠬᠢᠯᠢ ᠢᠢᠨ ᠴᠢᠨᠠᠳᠤ ᠳᠤ ᠰᠠᠭᠤᠭ᠎ᠠ ᠮᠣᠩ᠋ᠭᠣᠯᠴᠤᠳ ᠲᠠᠭᠠᠨ ᠭᠦᠨ ᠲᠠᠯᠠᠷᠬᠠᠯ ᠢᠯᠡᠷᠬᠡᠢᠢᠯᠡᠶ᠎ᠡ᠃

ᠮᠥᠨ ᠠᠷᠠᠳ ᠢᠷᠭᠡᠳ ᠦᠨ ᠢᠶᠡᠨ ᠰᠤᠩ᠋ᠭᠤᠬᠤ᠂ ᠰᠣᠩ᠋ᠭᠣᠭᠳᠠᠬᠤ ᠡᠷᠬᠡ ᠢᠢ ᠡᠳ᠋ᠯᠡᠬᠦ ᠨᠥᠬᠥᠴᠡᠯ᠂ ᠪᠣᠯᠤᠮᠵᠢ ᠢᠢ ᠬᠠᠩ᠋ᠭᠠᠵᠤ᠂ ᠬᠠᠤᠯᠢ ᠢᠢᠨ ᠬᠦᠷᠢᠶᠡᠨ ᠳᠥ ᠠᠵᠢᠯᠯᠠᠭᠰᠠᠨ ᠰᠣᠩ᠋ᠭᠣᠭᠤᠯᠢ ᠢᠢᠨ ᠶᠡᠷᠦᠩᠬᠡᠢ ᠬᠣᠷᠢᠶ᠎ᠠ᠂ ᠰᠣᠩ᠋ᠭᠣᠭᠤᠯᠢ ᠢᠢᠨ ᠪᠦᠬᠦ ᠱᠠᠲᠤᠨ ᠤ ᠬᠣᠷᠢᠶᠠᠳ ᠲᠤ ᠠᠵᠢᠯᠯᠠᠭᠰᠠᠨ 40 ᠭᠠᠷᠤᠢ ᠮᠢᠩ᠋ᠭᠠᠨ ᠲᠥᠷᠥ ᠢᠢᠨ ᠠᠯᠪᠠ ᠬᠠᠭᠠᠭᠴᠢ ᠪᠣᠯᠤᠨ ᠰᠣᠩ᠋ᠭᠣᠭᠤᠯᠢ ᠢᠢᠨ ᠮᠡᠳᠡᠭᠡ ᠮᠡᠳᠡᠭᠡᠯᠡᠯ ᠢ ᠲᠦᠷᠭᠡᠨ ᠰᠢᠭᠤᠷᠬᠠᠢ᠂ ᠢᠯᠡ ᠲᠣᠳᠣ᠂ ᠴᠠᠭ ᠠᠯᠠᠳᠠᠯ ᠦᠭᠡᠢ ᠲᠦᠭᠡᠭᠡᠨ ᠠᠵᠢᠯᠯᠠᠭᠰᠠᠨ ᠭᠠᠳᠠᠭᠠᠳᠤ᠂ ᠳᠣᠲᠣᠭᠠᠳᠤ ᠢᠢᠨ ᠬᠡᠪᠯᠡᠯ ᠮᠡᠳᠡᠭᠡᠯᠡᠯ ᠦᠨ ᠠᠵᠢᠯᠲᠠᠨ ᠨᠤᠭᠤᠳ ᠲᠤ ᠭᠦᠨ ᠲᠠᠯᠠᠷᠬᠠᠯ ᠢᠯᠡᠷᠬᠡᠢᠢᠯᠡᠶ᠎ᠡ᠃

ᠡᠷᠬᠢᠮ ᠬᠦᠨᠳᠦᠳᠥ ᠲᠥᠷᠥ ᠢᠢᠨ ᠲᠦᠰᠢᠶᠡᠳ ᠡ᠂

ᠥᠷᠭᠡᠨ ᠲᠦᠮᠡᠨ ᠦ ᠪᠡᠨ ᠢᠲᠡᠭᠡᠯ ᠢ ᠬᠦᠯᠢᠶᠡᠵᠦ᠂ ᠥᠨᠳᠥᠷ ᠲᠥᠷᠥ ᠢᠢᠨ ᠢᠶᠡᠨ ᠲᠦᠰᠢᠶ ᠡ ᠪᠡᠷ ᠰᠣᠩ᠋ᠭᠣᠭᠳᠠᠭᠰᠠᠨ ᠲᠠ ᠪᠦᠬᠦᠨ ᠦᠨᠳᠦᠰᠦᠨ ᠬᠠᠤᠯᠢ ᠪᠣᠯᠤᠨ ᠪᠤᠰᠤᠳ ᠬᠠᠤᠯᠢ ᠳᠤ ᠵᠢᠭᠠᠭᠰᠠᠨ ᠤ ᠳᠠᠭᠠᠭᠤ ᠲᠥᠷᠥ ᠵᠠᠰᠠᠭ ᠢᠶᠠᠨ ᠡᠮᠬᠢᠯᠡᠨ ᠪᠠᠢᠢᠭᠤᠯᠵᠤ᠂ ᠲᠦᠮᠡᠨ ᠣᠯᠠᠨ ᠤ ᠪᠠᠨ ᠲᠥᠯᠦᠭᠡᠬᠢ ᠡᠷᠬᠢᠮ ᠦᠢᠯᠡ ᠬᠡᠷᠡᠭ ᠲᠡᠭᠡᠨ ᠴᠠᠭ ᠠᠯᠠᠳᠠᠯ ᠦᠭᠡᠢ ᠰᠢᠮᠳᠠᠨ ᠠᠵᠢᠯᠯᠠᠬᠤ ᠱᠠᠭᠠᠷᠳᠠᠯᠭ᠎ᠠ ᠲᠠᠢ ᠪᠠᠢᠢᠨ᠎ᠠ᠃

ᠡᠨᠡ ᠮᠥᠴᠡ ᠡᠴᠡ ᠡᠬᠢᠯᠡᠨ ᠲᠥᠷᠥ ᠢᠢᠨ ᠲᠦᠰᠢᠶᠡᠳ ᠲᠠ ᠪᠦᠬᠦᠨ ᠬᠤᠪᠢ ᠢᠢᠨ ᠠᠰᠢᠭ ᠰᠣᠨᠢᠷᠬᠠᠯ ᠠᠴᠠ ᠠᠩ᠋ᠭᠢᠳᠠ ᠪᠠᠢᠢᠵᠤ᠂ ᠨᠡᠢᠢᠲᠡ ᠠᠷᠠᠳ ᠢᠷᠭᠡᠳ᠂ ᠤᠯᠤᠰ ᠤᠨ ᠠᠰᠢᠭ ᠰᠣᠨᠢᠷᠬᠠᠯ ᠢ ᠡᠷᠬᠢᠮᠯᠡᠨ᠂ ᠲᠥᠷᠥ᠂ ᠲᠦᠮᠡᠨ ᠳᠡᠭᠡᠨ ᠡᠷᠭᠦᠭ᠍ᠰᠡᠨ ᠲᠠᠩ᠋ᠭᠠᠷᠢᠭ ᠲᠠᠭᠠᠨ ᠦᠨᠡᠨᠴᠢ ᠪᠠᠢᠢᠵᠤ᠂ ᠠᠮᠠᠯᠠᠭᠰᠠᠨ ᠠᠮᠠᠯᠠᠯᠲᠠ ᠪᠠᠨ ᠪᠡᠶᠡᠯᠡᠭᠦᠯᠬᠦ ᠴᠠᠭ ᠬᠤᠭᠤᠴᠠᠭ᠎ᠠ ᠡᠢᠢᠨ ᠬᠥ ᠡᠬᠢᠯᠡᠵᠦ ᠪᠠᠢᠢᠭ᠎ᠠ ᠢᠢ ᠴᠣᠬᠣᠨ ᠲᠡᠮᠳᠡᠭᠯᠡᠶ᠎ᠡ᠃

ᠤᠯᠤᠰ ᠤᠨ ᠶᠡᠬᠡ ᠬᠤᠷᠠᠯ ᠤᠨ ᠡᠨᠡᠬᠦ ᠡᠷᠬᠢᠮ ᠲᠠᠩᠬᠢᠮ ᠳᠤ ᠬᠤᠪᠢ ᠬᠦᠮᠦᠨ ᠦ ᠬᠡᠷᠡᠭᠦᠯ ᠮᠠᠷᠭᠤᠭᠠᠨ ᠪᠢᠰᠢ᠂ ᠤᠯᠤᠰ ᠣᠷᠣᠨ ᠤ ᠬᠥᠭ᠍ᠵᠢᠯ ᠳᠡᠪᠰᠢᠯ ᠦᠨ ᠲᠥᠯᠦᠭᠡᠬᠢ ᠪᠣᠳᠣᠯᠭ᠎ᠠ ᠢᠢᠨ ᠮᠡᠳᠡᠬᠡᠯᠴᠡᠭᠡᠨ ᠥᠷᠨᠢᠵᠦ᠂ ᠬᠤᠪᠢ ᠢᠢᠨ ᠢᠪᠴᠤᠤ ᠡᠷᠬᠡ ᠠᠰᠢᠭ ᠪᠢᠰᠢ᠂ ᠤᠯᠤᠰ ᠣᠷᠣᠨ ᠤ ᠢᠵᠠᠭᠤᠷ ᠡᠷᠬᠡ ᠠᠰᠢᠭ ᠤᠨ ᠲᠥᠯᠦᠭᠡᠬᠢ ᠪᠣᠳᠣᠯᠭ᠎ᠠ ᠢᠢᠨ ᠬᠡᠯᠡᠯᠴᠡᠭᠦᠯᠭᠡ ᠥᠷᠨᠢᠳᠡᠭ ᠪᠠᠢᠢᠬᠤ ᠤᠴᠢᠷᠲᠠᠢ᠃ ᠡᠭᠦᠨ ᠢ ᠴᠤ ᠠᠷᠠᠳ ᠲᠦᠮᠡᠨ ᠲᠠ ᠪᠦᠬᠦᠨ ᠡᠴᠡ ᠬᠠᠲᠠᠭᠤ ᠱᠠᠭᠠᠷᠳᠠᠵᠤ ᠪᠠᠢᠢᠨ᠎ᠠ᠃

ᠤᠯᠤᠰ ᠤᠨ ᠶᠡᠬᠡ ᠬᠤᠷᠠᠯ ᠤᠨ ᠭᠡᠰᠢᠭᠦᠨ ᠦ ᠪᠦᠷᠢᠨ ᠡᠷᠬᠡ᠂ ᠠᠯᠪᠠᠨ ᠲᠤᠰᠢᠶᠠᠯ ᠤᠨ ᠤᠭ ᠰᠤᠷᠪᠤᠯᠵᠢ ᠨᠢ ᠠᠷᠠᠳ ᠲᠦᠮᠡᠨ ᠡᠴᠡ ᠡᠬᠢ ᠲᠡᠢ ᠭᠡᠳᠡᠭ ᠢ ᠲᠠ ᠪᠦᠬᠦᠨ ᠢᠮᠠᠭᠲᠠ ᠰᠠᠨᠠᠵᠤ ᠶᠠᠪᠤᠭᠠᠷᠠᠢ᠃

ᠫᠠᠷᠯᠠᠮᠧᠨ᠋ᠲ ᠪᠣᠯ ᠠᠷᠠᠳ ᠲᠦᠮᠡᠨ ᠦ ᠬᠤᠷᠢᠶᠠᠩ᠋ᠭᠤᠢ᠂ ᠲᠠ ᠪᠦᠬᠦᠨ ᠪᠣᠯ ᠠᠷᠠᠳ ᠲᠦᠮᠡᠨ ᠦ ᠲᠥᠯᠥᠭᠡᠯᠡᠯ᠂ ᠲᠥᠷᠥ᠂ ᠵᠠᠰᠠᠭ᠂ ᠲᠦᠮᠡᠨ ᠣᠯᠠᠨ ᠢ ᠬᠤᠯᠪᠤᠬᠤ ᠭᠦᠭᠦᠷᠭᠡ ᠶᠤᠮ ᠰᠢᠦ᠃

《ᠬᠦᠮᠦᠨ ᠨᠡᠷ᠎ᠡ ᠪᠡᠨ᠂ ᠲᠣᠭᠣᠰ ᠥᠳᠥ ᠪᠡᠨ》 ᠭᠡᠵᠦ ᠠᠷᠠᠳ ᠤᠨ ᠰᠠᠢᠢᠬᠠᠨ ᠦᠭᠡ ᠪᠠᠢᠢᠳᠠᠭ᠃ ᠤᠯᠤᠰ ᠤᠨ ᠶᠡᠬᠡ ᠬᠤᠷᠠᠯ ᠢᠢᠨ ᠭᠡᠰᠢᠭᠦᠨ᠂ ᠲᠥᠷᠥ ᠢᠢᠨ ᠲᠦᠰᠢᠶ᠎ᠡ ᠭᠡᠰᠡᠨ ᠡᠨᠡᠬᠦ ᠡᠷᠬᠢᠮ ᠬᠦᠨᠳᠦ ᠲᠡᠢ ᠨᠡᠷ᠎ᠡ ᠬᠦᠨᠳᠦ ᠢᠢ ᠲᠠ ᠪᠦᠬᠦᠨ ᠨᠡᠷ᠎ᠡ ᠲᠥᠷᠥ ᠲᠡᠢ᠂ ᠥᠨᠳᠥᠷ ᠲᠥ ᠡᠷᠭᠦᠨ᠂ ᠬᠠᠷᠢᠭᠤᠴᠠᠯᠭ᠎ᠠ ᠲᠠᠢ ᠠᠪᠴᠤ ᠶᠠᠪᠤᠬᠤ ᠢᠢ ᠬᠦᠰᠡᠶ᠎ᠡ᠃

ᠥᠩ᠋ᠭᠡᠷᠡᠭᠰᠡᠨ ᠳᠥᠷᠪᠡᠨ ᠵᠢᠯ ᠦᠨ ᠬᠤᠭᠤᠴᠠᠭᠠᠨ ᠳᠤ ᠬᠦᠮᠦᠨ ᠲᠥᠷᠥᠯᠬᠢᠲᠡᠨ᠂ ᠳᠡᠯᠡᠬᠡᠢ ᠨᠡᠢᠢᠲᠡ ᠪᠡᠷ ᠢᠶᠡᠨ ᠴᠠᠷ᠎ ᠲᠠᠬᠤᠯ᠂ ᠭᠧᠣᠫᠣᠯᠢᠲ᠋ᠢᠻ ᠤᠨ ᠵᠥᠷᠢᠴᠡᠯ᠂ ᠮᠥᠷᠭᠥᠯᠳᠦᠭᠡᠨ ᠦ ᠠᠮᠤᠷ ᠦᠭᠡᠢ ᠴᠠᠭ ᠦᠶ᠎ᠡ ᠢᠢ ᠬᠠᠮᠲᠤ ᠳᠠᠭᠠᠨ ᠲᠤᠭᠤᠯᠵᠤ᠂ ᠮᠣᠩ᠋ᠭᠣᠯᠴᠤᠳ ᠪᠢᠳᠡᠨ ᠡᠴᠡ ᠦᠯᠦ ᠬᠠᠮᠢᠶᠠᠷᠬᠤ ᠬᠦᠨᠳᠦᠷᠡᠯ᠂ ᠪᠡᠷᠬᠡᠰᠢᠶᠡᠯ ᠦᠳ ᠤᠯᠤᠰ ᠣᠷᠣᠨ ᠤ ᠡᠳ᠋ ᠦᠨ ᠵᠠᠰᠠᠭ᠂ ᠠᠷᠠᠳ ᠲᠦᠮᠡᠨ ᠦ ᠠᠮᠢᠳᠤᠷᠠᠯ ᠠᠬᠤᠢ ᠳᠤ ᠬᠦᠨᠳᠦ ᠪᠡᠷ ᠲᠤᠰᠴᠤ ᠢᠷᠡᠯ᠎ᠡ᠃

ᠬᠡᠳᠦᠢ ᠪᠡᠷ ᠨᠥᠬᠥᠴᠡᠯ ᠪᠠᠢᠢᠳᠠᠯ ᠠᠮᠤᠷ ᠦᠭᠡᠢ ᠪᠠᠢᠢᠭᠰᠠᠨ ᠴᠤ ᠭᠡᠰᠡᠨ ᠮᠠᠨ ᠤ ᠲᠥᠷᠥ᠂ ᠵᠠᠰᠠᠭ᠂ ᠠᠷᠠᠳ ᠲᠦᠮᠡᠨ᠂ ᠪᠠᠶᠠᠯᠢᠭ ᠪᠦᠲᠦᠭᠡᠭ᠍ᠴᠢᠳ ᠲᠡᠢ ᠪᠡᠨ ᠬᠠᠮᠲᠤᠷᠠᠨ ᠡᠨᠡᠬᠦ ᠬᠦᠨᠳᠦ ᠦᠶ᠎ᠡ ᠢᠢ ᠬᠣᠬᠢᠷᠠᠯ ᠪᠠᠭ᠎ᠠ ᠲᠠᠢ ᠳᠠᠪᠠᠨ ᠲᠤᠭᠤᠯᠵᠤ᠂ ᠡᠨᠡ ᠣᠨ ᠤ ᠡᠬᠢᠨ ᠦ ᠤᠯᠠᠷᠢᠯ ᠤᠨ ᠪᠠᠢᠢᠳᠠᠯ ᠢᠶᠠᠷ ᠤᠯᠤᠰ ᠤᠨ ᠢᠶᠠᠨ ᠡᠳ᠋ ᠦᠨ ᠵᠠᠰᠠᠭ ᠢ 7.8 ᠬᠤᠪᠢ ᠪᠠᠷ ᠥᠰᠬᠡᠵᠦ ᠴᠢᠳᠠᠯ ᠠ᠃

ᠰᠢᠨ᠎ᠡ ᠪᠡᠷ ᠪᠥᠷᠢᠳᠴᠦ ᠪᠤᠢ ᠤᠯᠤᠰ ᠤᠨ ᠶᠡᠬᠡ ᠬᠤᠷᠠᠯ᠂ ᠵᠠᠰᠠᠭ ᠤᠨ ᠭᠠᠵᠠᠷ ᠡᠨᠡᠬᠦ ᠡᠳ᠋ ᠦᠨ ᠵᠠᠰᠠᠭ ᠤᠨ ᠥᠰᠦᠯᠲᠡ ᠢᠢ ᠤᠯᠠᠮ ᠪᠠᠲᠤᠯᠠᠭᠠᠵᠢᠭᠤᠯᠤᠨ᠂ ᠦᠷ᠎ᠡ ᠰᠢᠮ᠎ᠡ ᠢᠢ ᠨᠢ ᠡᠷᠦᠬᠡ ᠪᠦᠷᠢ ᠳᠥ ᠬᠦᠷᠭᠡᠵᠦ᠂ ᠮᠣᠩ᠋ᠭᠣᠯ ᠬᠦᠮᠦᠨ ᠪᠦᠷᠢ ᠢᠢᠨ ᠠᠵᠤ ᠠᠮᠢᠳᠤᠷᠠᠯ ᠳᠤ ᠪᠣᠳᠠᠲᠤ ᠦᠷ᠎ᠡ ᠥᠭ᠍ᠭᠦᠭᠡᠵᠢ ᠪᠡᠨ ᠥᠭ᠍ᠭᠦᠭ᠍ᠰᠡᠨ ᠡᠳ᠋᠍ ᠦᠨ ᠵᠠᠰᠠᠭ ᠤᠨ ᠪᠣᠳᠣᠯᠭ᠎ᠠ ᠢᠢ ᠨᠡᠩ ᠲᠡᠷᠢᠭᠦᠨ ᠳᠥ ᠬᠡᠷᠡᠭᠵᠢᠭᠦᠯᠬᠦ ᠱᠠᠭᠠᠷᠳᠠᠯᠭ᠎ᠠ ᠲᠠᠢ ᠪᠠᠢᠢᠨ᠎ᠠ᠃

ᠮᠣᠩ᠋ᠭᠣᠯ ᠬᠦᠮᠦᠨ ᠡᠬᠡ ᠣᠷᠣᠨ᠂ ᠭᠠᠵᠠᠷ ᠨᠤᠲᠤᠭ ᠲᠠᠭᠠᠨ ᠡᠵᠡᠨ ᠪᠠᠢᠢᠵᠤ᠂ ᠪᠠᠢᠢᠭᠠᠯᠢ ᠢᠢᠨ ᠪᠠᠶᠠᠯᠢᠭ ᠤᠨ ᠢᠶᠠᠨ ᠦᠷ᠎ᠡ ᠰᠢᠮ᠎ᠡ ᠢᠢ ᠠᠳᠠᠯᠢ ᠲᠡᠭᠰᠢ ᠬᠦᠷᠲᠡᠬᠦ ᠤᠴᠢᠷᠲᠠᠢ᠃

ᠮᠣᠩ᠋ᠭᠣᠯ ᠬᠦᠮᠦᠨ᠂ ᠮᠣᠩ᠋ᠭᠣᠯ ᠤᠨ ᠠᠷᠠᠳ ᠲᠦᠮᠡᠨ ᠬᠡᠵᠢᠶ᠎ᠡ ᠴᠤ ᠡᠬᠡ ᠣᠷᠣᠨ᠂ ᠪᠠᠢᠢᠭᠠᠯᠢ ᠢᠢᠨ ᠪᠠᠶᠠᠯᠢᠭ ᠢᠶᠠᠨ ᠪᠤᠰᠤᠳ ᠲᠤ ᠠᠯᠳᠠᠬᠤ ᠶᠣᠰᠣ ᠦᠭᠡᠢ᠃

ᠡᠬᠡ ᠣᠷᠣᠨ ᠳᠠᠭᠠᠨ ᠡᠵᠡᠨ ᠪᠠᠢᠢᠨ᠎ᠠ ᠭᠡᠳᠡᠭ ᠪᠣᠯ ᠪᠠᠢᠢᠭᠠᠯᠢ ᠢᠢᠨ ᠪᠠᠶᠠᠯᠢᠭ ᠲᠠᠭᠠᠨ ᠡᠵᠡᠨ ᠪᠠᠢᠢᠨ᠎ᠠ ᠭᠡᠰᠡᠨ ᠦᠭᠡ᠃ ᠪᠠᠶᠠᠯᠢᠭ ᠲᠠᠭᠠᠨ ᠡᠵᠡᠨ ᠮᠣᠩ᠋ᠭᠣᠯ ᠤᠨ ᠲᠥᠯᠥᠭᠡ ᠲᠥᠷᠥ ᠵᠠᠰᠠᠭ ᠲᠦᠮᠡᠨ ᠣᠯᠠᠨ ᠢᠶᠠᠷ ᠢᠶᠠᠨ ᠬᠠᠮᠲᠤᠷᠠᠨ ᠠᠵᠢᠯᠯᠠᠬᠤ ᠤᠴᠢᠷᠲᠠᠢ᠃

ᠮᠣᠩ᠋ᠭᠣᠯ ᠤᠯᠤᠰ ᠤᠨ ᠶᠡᠬᠡ ᠬᠤᠷᠠᠯ ᠦᠨᠳᠦᠰᠦᠨ ᠬᠠᠤᠯᠢ ᠠᠴᠠ ᠡᠬᠢ ᠲᠡᠢ ᠦᠨᠳᠦᠰᠦᠨ ᠦ ᠪᠠᠶᠠᠯᠢᠭ ᠤᠨ ᠰᠠᠩ ᠤᠨ ᠲᠤᠬᠠᠢ ᠬᠠᠤᠯᠢ ᠢᠢ ᠪᠠᠲᠤᠯᠠᠵᠤ ᠴᠢᠳᠠᠭᠰᠠᠨ ᠨᠢ ᠪᠠᠢᠢᠭᠠᠯᠢ ᠢᠢᠨ ᠪᠠᠶᠠᠯᠢᠭ ᠢᠶᠠᠨ ᠲᠥᠷᠥ᠂ ᠠᠷᠠᠳ ᠲᠦᠮᠡᠨ ᠦ ᠪᠡᠨ ᠮᠡᠳᠡᠯ ᠳᠥ ᠪᠠᠢᠢᠯᠭᠠᠵᠤ᠂ ᠦᠷ᠎ᠡ ᠰᠢᠮ᠎ᠡ ᠢᠢ ᠨᠢ ᠢᠷᠭᠡᠨ ᠪᠦᠷᠢ ᠲᠡᠭᠰᠢ ᠬᠦᠷᠲᠡᠬᠦ ᠡᠷᠬᠡ ᠵᠦᠢ ᠢᠢᠨ ᠰᠢᠨᠡᠴᠢᠯᠡᠯ᠂ ᠲᠣᠭᠲᠠᠯᠴᠠᠭᠠᠨ ᠤ ᠥᠭᠡᠷᠡᠴᠢᠯᠡᠯᠲᠡ ᠢᠢᠨ ᠡᠬᠢᠯᠡᠯ ᠪᠣᠯᠤᠯ᠎ᠠ᠃

ᠡᠨᠡᠬᠦ ᠪᠠᠶᠠᠯᠢᠭ ᠤᠨ ᠰᠠᠩ ᠤᠨ ᠦᠷ᠎ᠡ ᠥᠭ᠍ᠭᠦᠭᠡᠵᠢ ᠢᠢ ᠨᠡᠩ ᠲᠡᠷᠢᠭᠦᠨ ᠳᠥ ᠠᠷᠠᠳ ᠢᠷᠭᠡᠳ ᠦᠨ ᠢᠶᠡᠨ ᠪᠣᠯᠪᠠᠰᠤᠷᠠᠯ᠂ ᠡᠷᠡᠭᠦᠯ ᠮᠡᠨᠳᠦ᠂ ᠣᠷᠣᠨ ᠪᠠᠢᠢᠷᠢ ᠢᠢ ᠰᠢᠢᠳᠬᠥ᠂ ᠦᠨᠳᠦᠰᠦᠨ ᠦ ᠦᠢᠯᠡᠳᠪᠦᠷᠢᠯᠡᠯ ᠢ ᠳᠡᠮᠵᠢᠬᠦ ᠳᠥ ᠴᠢᠭᠯᠡᠭᠦᠯᠬᠦ ᠤᠴᠢᠷᠲᠠᠢ᠃

ᠡᠨᠡ ᠨᠢ ᠬᠠᠷᠢᠴᠠᠩ᠋ᠭᠤᠢ ᠵᠠᠯᠠᠭᠤ ᠠᠷᠠᠳ ᠢᠷᠭᠡᠳ ᠲᠡᠢ ᠮᠠᠨ ᠤ ᠤᠯᠤᠰ ᠤᠨ ᠬᠤᠪᠢ ᠳᠤ ᠢᠷᠡᠭᠡᠳᠦᠢ ᠬᠣᠢᠢᠴᠢ ᠦᠶ ᠡ ᠳ᠋ᠡᠭᠡᠨ ᠣᠷᠣᠭᠤᠯᠵᠤ ᠪᠤᠢ ᠦᠨᠡᠲᠦ ᠥᠪ᠂ ᠥᠪᠯᠡᠭᠦᠯᠦᠨ ᠦᠯᠡᠳᠡᠭᠡᠬᠦ ᠪᠣᠳᠠᠲᠤ ᠬᠥᠷᠥᠩ᠋ᠭᠡ ᠣᠷᠣᠭᠤᠯᠤᠯᠲᠠ ᠪᠣᠯᠬᠤ ᠶᠤᠮ᠃

ᠥᠩ᠋ᠭᠡᠷᠡᠭᠰᠡᠨ 100 ᠵᠢᠯ ᠮᠣᠩ᠋ᠭᠣᠯᠴᠤᠳ ᠪᠢᠳᠡᠨ ᠦ ᠬᠤᠪᠢ ᠳᠤ ᠤᠯᠤᠰ ᠣᠷᠣᠨ ᠤ ᠪᠠᠨ ᠲᠤᠰᠠᠭᠠᠷ ᠲᠣᠭᠲᠠᠨᠢᠯ᠂ ᠪᠦᠷᠢᠨ ᠡᠷᠬᠡᠲᠦ ᠪᠠᠢᠢᠳᠠᠯ ᠢ ᠪᠠᠲᠤᠳᠬᠠᠨ ᠪᠡᠬᠢᠵᠢᠭᠦᠯᠵᠦ᠂ ᠳᠡᠯᠡᠬᠡᠢ ᠳᠠᠬᠢᠨ ᠢᠶᠠᠨ ᠬᠦᠯᠢᠶᠡᠨ ᠵᠥᠪᠰᠢᠶᠡᠷᠡᠭᠳᠡᠵᠦ᠂ ᠣᠷᠴᠢᠨ ᠴᠠᠭ ᠤᠨ ᠠᠷᠠᠳᠴᠢᠯᠠᠭᠰᠠᠨ ᠮᠣᠩ᠋ᠭᠣᠯ ᠤᠯᠤᠰ ᠢ ᠴᠣᠭᠴᠠᠯᠠᠭᠠᠨ ᠪᠠᠢᠢᠭᠤᠯᠤᠭᠰᠠᠨ 《ᠲᠤᠰᠠᠭᠠᠷ ᠲᠣᠭᠲᠠᠨᠢᠯ᠂ ᠬᠥᠭ᠍ᠵᠢᠯ ᠳᠡᠪᠰᠢᠯ》 ᠍ ᠦᠨ ᠠᠭᠤᠤ ᠵᠠᠭᠤᠨ ᠪᠠᠢᠢᠭᠰᠠᠨ᠃

ᠬᠠᠷᠢᠨ ᠡᠨᠡ ᠵᠠᠭᠤᠨ ᠪᠣᠯ ᠮᠣᠩ᠋ᠭᠣᠯᠴᠤᠳ ᠪᠢᠳᠡᠨ ᠦ ᠬᠤᠪᠢ ᠳᠤ ᠠᠷᠠᠳᠴᠢᠯᠠᠭᠰᠠᠨ ᠲᠥᠷᠥ ᠤᠯᠤᠰ ᠢᠶᠠᠨ ᠤᠯᠠᠮ ᠬᠥᠭ᠍ᠵᠢᠭᠦᠯᠵᠦ᠂ 《ᠶᠡᠬᠡ ᠪᠦᠲᠦᠭᠡᠨ ᠪᠠᠢᠢᠭᠤᠯᠤᠯᠲᠠ᠂ ᠡᠳ᠋ ᠦᠨ ᠵᠠᠰᠠᠭ ᠤᠨ ᠠᠶᠤᠯ ᠦᠭᠡᠢ ᠪᠠᠢᠢᠳᠠᠯ ᠢᠶᠠᠨ ᠬᠠᠩ᠋ᠭᠠᠨ ᠪᠡᠬᠢᠵᠢᠭᠦᠯᠦᠭᠰᠡᠨ ᠵᠠᠭᠤᠨ》 ᠪᠠᠢᠢᠬᠤ ᠤᠴᠢᠷᠲᠠᠢ᠃

ᠲᠡᠢᠢᠮᠦ ᠡᠴᠡ ᠮᠣᠩ᠋ᠭᠣᠯ ᠤᠯᠤᠰ ᠤᠨ ᠶᠡᠷᠦᠩᠬᠡᠢᠢᠯᠡᠭᠴᠢ 《100 ᠵᠢᠯ – 10 ᠵᠣᠷᠢᠯᠲᠠ》 ᠬᠥᠭ᠍ᠵᠢᠯ ᠦᠨ ᠰᠠᠨᠠᠭᠠᠴᠢᠯᠠᠭ᠎ᠠ ᠢᠢ ᠳᠡᠪᠰᠢᠭᠦᠯᠦᠭᠰᠡᠨ ᠢ ᠲᠠ ᠪᠦᠬᠦᠨ ᠮᠡᠳᠡᠵᠦ ᠪᠠᠢᠢᠭ᠎ᠠ᠃

ᠡᠨᠡ ᠬᠦᠷᠢᠶᠡᠨ ᠳᠥ ᠤᠯᠤᠰ ᠣᠷᠣᠨ ᠤ ᠠᠶᠤᠯ ᠦᠭᠡᠢ ᠪᠠᠢᠢᠳᠠᠯ᠂ ᠣᠷᠣᠰᠢᠨ ᠲᠣᠭᠲᠠᠨᠢᠬᠤᠢ ᠢᠢᠨ ᠦᠨᠳᠦᠰᠦ ᠪᠣᠯᠤᠭᠰᠠᠨ ᠪᠠᠢᠢᠭᠠᠯᠢ ᠣᠷᠴᠢᠨ᠂ ᠦᠨᠳᠦᠰᠦᠨ ᠦ ᠦᠢᠯᠡᠳᠪᠦᠷᠢᠯᠡᠯ᠂ ᠰᠲ᠋ᠷᠠᠲ᠋ᠧᠭᠢ ᠢᠢᠨ ᠣᠷᠳ᠋ᠥ ᠨᠤᠭᠤᠳ ᠲᠠᠭᠠᠨ ᠣᠨᠴᠠᠭᠠᠢ ᠠᠩᠬᠠᠷᠴᠤ᠂ ᠬᠦᠨᠡᠰᠦ᠂ ᠡᠷᠴᠢᠮ ᠬᠦᠴᠦ᠂ ᠨᠧᠹᠲ᠋ᠢ᠂ ᠰᠢᠲᠠᠬᠤᠨ ᠢᠶᠠᠷ ᠳᠣᠲᠣᠭᠠᠳᠤ ᠢᠢᠨ ᠬᠡᠷᠡᠭᠴᠡᠭᠡ ᠢᠢ ᠬᠠᠩ᠋ᠭᠠᠬᠤ ᠠᠵᠤ ᠦᠢᠯᠡᠳᠪᠦᠷᠢᠵᠢᠯᠲᠡ ᠢᠢᠨ ᠪᠣᠳᠣᠯᠭ᠎ᠠ ᠢᠢ ᠬᠡᠷᠡᠭᠵᠢᠭᠦᠯᠵᠦ᠂ ᠬᠤᠳᠠᠯᠳᠤᠭ᠎ᠠ ᠬᠥᠷᠥᠩ᠋ᠭᠡ ᠣᠷᠣᠭᠤᠯᠤᠯᠲᠠ ᠢᠢ ᠨᠡᠮᠡᠭᠳᠡᠭᠦᠯᠬᠦ ᠱᠠᠭᠠᠷᠳᠠᠯᠭ᠎ᠠ ᠲᠠᠢ ᠪᠠᠢᠢᠨ᠎ᠠ᠃

ᠨᠡᠩ ᠢᠯᠠᠩ᠋ᠭᠤᠶ᠎ᠠ ᠬᠦᠨᠳᠦ ᠪᠣᠯᠤᠨ ᠬᠥᠩ᠋ᠭᠡᠨ ᠦᠢᠯᠡᠳᠪᠦᠷᠢ ᠢᠢᠨ ᠴᠣᠭᠴᠠᠯᠠᠪᠤᠷᠢ ᠨᠤᠭᠤᠳ ᠢ ᠠᠰᠢᠭᠯᠠᠯᠲᠠ ᠳᠤ ᠤᠷᠤᠭᠤᠯᠬᠤ᠂ ᠳᠡᠳ᠋ ᠪᠦᠲᠦᠴᠡ᠂ ᠲᠡᠮᠦᠷ ᠵᠠᠮ᠂ ᠲᠷᠠᠨ᠋ᠽᠢᠲ᠋ ᠲᠡᠭᠡᠭᠡᠪᠦᠷᠢ᠂ ᠬᠢᠯᠢ ᠪᠣᠭᠣᠮᠲᠠ ᠪᠠᠨ ᠬᠥᠭ᠍ᠵᠢᠭᠦᠯᠬᠦ ᠵᠡᠷᠭᠡ ᠶᠡᠬᠡ ᠪᠦᠲᠦᠭᠡᠨ ᠪᠠᠢᠢᠭᠤᠯᠤᠯᠲᠠ ᠢᠢᠨ ᠲᠣᠮᠣᠬᠠᠨ ᠲᠥᠰᠥᠯ ᠦᠳ ᠢᠶᠡᠨ ᠰᠢᠭᠤᠷᠬᠠᠢᠢᠯᠠᠬᠤ ᠱᠠᠭᠠᠷᠳᠠᠯᠭ᠎ᠠ ᠲᠠᠢ᠃

ᠮᠥᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠰᠠᠨᠠᠭᠠᠴᠢᠯᠠᠭᠰᠠᠨ 《ᠬᠦᠨᠡᠰᠦᠨ ᠦ ᠬᠤᠪᠢᠰᠬᠠᠯ》᠂ 《ᠲᠡᠷᠪᠤᠮ ᠮᠣᠳᠣ》᠂ 《ᠡᠷᠡᠭᠦᠯ ᠮᠣᠩ᠋ᠭᠣᠯ ᠬᠦᠮᠦᠨ》᠂ 《ᠴᠠᠭᠠᠨ ᠠᠯᠲᠠ》 ᠵᠡᠷᠭᠡ ᠥᠭᠡᠷ ᠡ ᠬᠣᠭᠣᠷᠣᠨᠳᠣ ᠪᠠᠨ ᠬᠠᠷᠢᠯᠴᠠᠨ ᠤᠶᠠᠯᠳᠤᠭ᠎ᠠ ᠬᠣᠯᠪᠣᠭᠠᠲᠠᠢ ᠦᠨᠳᠦᠰᠦᠨ ᠦ ᠬᠥᠲᠥᠯᠪᠦᠷᠢ ᠨᠤᠭᠦᠳ᠂ ᠰᠢᠨ᠎ᠡ ᠬᠠᠷᠠᠬᠣᠷᠣᠮ ᠬᠣᠲᠠ ᠢᠢ ᠰᠡᠷᠭᠦᠭᠡᠨ ᠪᠠᠢᠢᠭᠤᠯᠬᠤ ᠶᠡᠬᠡ ᠪᠦᠲᠦᠭᠡᠨ ᠪᠠᠢᠢᠭᠤᠯᠤᠯᠲᠠ ᠢᠢᠨ ᠠᠵᠢᠯ ᠢ ᠰᠢᠨ᠎ᠡ ᠤᠯᠤᠰ ᠤᠨ ᠶᠡᠬᠡ ᠬᠤᠷᠠᠯ᠂ ᠵᠠᠰᠠᠭ ᠤᠨ ᠭᠠᠵᠠᠷ ᠪᠣᠳᠠᠲᠤ ᠠᠵᠢᠯ ᠬᠡᠷᠡᠭ ᠪᠣᠯᠭᠠᠬᠤ ᠶᠣᠰᠣᠲᠠᠢ᠃

ᠲᠥᠷᠥ ᠢᠢᠨ ᠲᠡᠷᠢᠭᠦᠨ ᠠᠷᠠᠳ ᠲᠦᠮᠡᠨ ᠦ ᠪᠡᠨ ᠨᠡᠷ᠎ᠡ ᠢᠢᠨ ᠡᠮᠦᠨ᠎ᠡ ᠡᠴᠡ ᠲᠠ ᠪᠦᠬᠦᠨ ᠦ ᠦᠢᠯᠡ ᠠᠵᠢᠯᠯᠠᠭᠠᠨ ᠳᠤ ᠬᠠᠲᠠᠭᠤ ᠬᠢᠨᠠᠯᠲᠠ ᠲᠠᠯᠪᠢᠵᠤ᠂ ᠰᠢᠬᠠᠵᠤ᠂ ᠱᠠᠭᠠᠷᠳᠠᠵᠤ᠂ ᠪᠣᠳᠠᠲᠤ ᠦᠷ᠎ᠡ ᠳ᠋ᠦᠩ ᠨᠡᠬᠡᠭᠡᠵᠦ ᠠᠵᠢᠯᠯᠠᠬᠤ ᠪᠣᠯᠤᠨ᠎ᠠ ᠭᠡᠳᠡᠭ ᠢᠶᠡᠨ ᠠᠩᠬᠠᠳᠤᠭᠠᠷ ᠴᠢᠭᠤᠯᠭᠠᠨ ᠤ ᠡᠨᠡ ᠬᠦᠨᠳᠦᠳᠥ ᠶᠡᠨᠳᠡᠷ ᠡᠴᠡ ᠰᠠᠨᠠᠭᠤᠯᠵᠤ ᠪᠠᠢᠢᠨ᠎ᠠ᠃

ᠡᠷᠬᠢᠮ ᠨᠥᠬᠥᠳ ᠡ᠂

ᠮᠣᠩ᠋ᠭᠣᠯ ᠤᠯᠤᠰ ᠤᠨ ᠶᠡᠷᠦᠩᠬᠡᠢᠢᠯᠡᠭᠴᠢ ᠨᠡᠢᠢᠭᠡᠮ ᠳᠥ ᠰᠢᠳᠤᠷᠭᠤ ᠶᠣᠰᠣ ᠲᠣᠭᠲᠠᠭᠠᠬᠤ ᠢᠢᠨ ᠲᠥᠯᠥᠭᠡ᠂ ᠬᠦᠮᠦᠨ ᠵᠠᠰᠠᠭᠯᠠᠳᠠᠭ ᠦᠭᠡᠢ᠂ ᠬᠠᠤᠯᠢ ᠵᠠᠰᠠᠭᠯᠠᠳᠠᠭ ᠠᠷᠠᠳᠴᠢᠯᠠᠭᠰᠠᠨ᠂ ᠰᠢᠳᠤᠷᠭᠤ ᠲᠥᠷᠥ ᠢᠢ ᠵᠢᠩᠬᠢᠨᠢ ᠤᠳᠬ᠎ᠠ ᠪᠠᠷ ᠨᠢ ᠪᠠᠢᠢᠭᠤᠯᠬᠤ ᠢᠢᠨ ᠲᠥᠯᠥᠭᠡ ᠬᠢᠴᠢᠶᠡᠨ ᠵᠢᠳᠬᠦᠬᠦ ᠪᠡᠨ ᠠᠷᠠᠳ ᠲᠦᠮᠡᠨ ᠳᠡᠭᠡᠨ ᠬᠡᠯᠡᠭᠰᠡᠨ ᠢ ᠲᠠ ᠪᠦᠬᠦᠨ ᠮᠡᠳᠡᠵᠦ ᠪᠠᠢᠢᠭ᠎ᠠ᠃

ᠨᠡᠢᠢᠭᠡᠮ ᠳᠥ ᠰᠢᠳᠤᠷᠭᠤ ᠶᠣᠰᠣ ᠢᠢ ᠲᠣᠭᠲᠠᠭᠠᠬᠤ ᠨᠢ ᠤᠯᠤᠰ ᠤᠨ ᠶᠡᠬᠡ ᠬᠤᠷᠠᠯ᠂ ᠵᠠᠰᠠᠭ ᠤᠨ ᠭᠠᠵᠠᠷ ᠤᠨ ᠦᠨᠳᠦᠰᠦᠨ ᠴᠢᠭᠯᠡᠯ᠂ ᠠᠷᠠᠳ ᠢᠷᠭᠡᠳ ᠦᠨ ᠢᠲᠡᠭᠡᠯ ᠨᠠᠢᠢᠳᠠᠪᠤᠷᠢ᠂ ᠲᠠ ᠪᠦᠬᠦᠨ ᠦ ᠬᠦᠯᠢᠶᠡᠬᠦ ᠡᠭᠦᠷᠭᠡ᠂ ᠳᠠᠭᠠᠭᠠᠯᠭᠠᠪᠤᠷᠢ ᠪᠠᠢᠢᠬᠤ ᠤᠴᠢᠷᠲᠠᠢ᠃

ᠨᠡᠢᠢᠭᠡᠮ ᠳᠥ ᠰᠢᠳᠤᠷᠭᠤ ᠶᠣᠰᠣ ᠲᠣᠭᠲᠠᠭᠠᠬᠤ ᠦᠨᠳᠦᠰᠦᠨ ᠰᠠᠭᠤᠷᠢ ᠨᠢ ᠬᠦᠮᠦᠨ ᠪᠦᠷᠢ ᠬᠠᠤᠯᠢ᠂ ᠰᠢᠭᠦᠬᠦ ᠢᠢᠨ ᠡᠮᠦᠨ᠎ᠡ ᠲᠡᠭᠰᠢ ᠪᠠᠢᠢᠵᠤ᠂ ᠬᠠᠤᠯᠢ ᠶᠣᠰᠣ ᠬᠦᠮᠦᠨ ᠪᠦᠷᠢ ᠳᠥ ᠲᠡᠭᠰᠢ ᠦᠢᠯᠡᠴᠢᠯᠡᠬᠦ ᠶᠠᠪᠤᠳᠠᠯ ᠶᠤᠮ᠃

ᠲᠥᠷᠥ ᠳᠥ ᠵᠢᠳᠬᠦᠵᠦ ᠪᠤᠢ ᠬᠡᠨ ᠪᠣᠯᠪᠠᠴᠤ ᠲᠡᠭᠦᠰ ᠰᠠᠢᠢᠨ ᠮᠡᠳᠡᠯᠭᠡ ᠦᠭᠡᠢ ᠴᠤ᠂ ᠲᠡᠭᠦᠯᠳᠡᠷ ᠰᠠᠢᠢᠨ ᠶᠣᠰᠣ ᠰᠤᠷᠲᠠᠬᠤᠨ ᠲᠠᠢ ᠪᠠᠢᠢᠬᠤ ᠶᠣᠰᠣᠲᠠᠢ᠃

ᠠᠷᠠᠳ ᠲᠦᠮᠡᠨ ᠦ ᠲᠥᠯᠥᠭᠡᠯᠡᠯ ᠪᠣᠯᠤᠭᠰᠠᠨ ᠲᠠ ᠪᠦᠬᠦᠨ ᠶᠣᠰᠣ ᠵᠦᠢ ᠢᠢᠨ ᠳᠡᠭᠡᠳᠦ ᠮᠠᠩᠯᠠᠢᠢᠯᠠᠯ ᠢ ᠢᠮᠠᠭᠲᠠ ᠦᠵᠡᠭᠦᠯᠵᠦ ᠪᠠᠢᠢᠬᠤ ᠶᠣᠰᠣᠲᠠᠢ᠃

ᠠᠷᠠᠳ ᠢᠷᠭᠡᠳ ᠦᠨ ᠢᠶᠡᠨ ᠬᠠᠯᠠᠭᠤᠨ ᠢᠲᠡᠭᠡᠯ᠂ ᠶᠡᠬᠡ ᠬᠦᠯᠢᠶᠡᠯᠲᠡ ᠳᠤᠮᠳᠠ ᠫᠠᠷᠯᠠᠮᠧᠨ᠋ᠲ ᠤᠨ ᠭᠡᠰᠢᠭᠦᠨ ᠢᠶᠡᠷ ᠰᠣᠩ᠋ᠭᠣᠭᠳᠠᠵᠤ ᠪᠤᠢ ᠲᠠ ᠪᠦᠬᠦᠨ ᠬᠦᠮᠦᠨ ᠦ ᠶᠣᠰᠣ ᠢᠢ ᠣᠭᠣᠷᠤᠨ᠂ ᠶᠣᠰᠣ ᠵᠦᠢ ᠢᠢᠨ ᠠᠯᠳᠠᠭ᠎ᠠ ᠭᠠᠷᠭᠠᠵᠤ᠂ ᠡᠷᠭᠦᠭ᠍ᠰᠡᠨ ᠲᠠᠩ᠋ᠭᠠᠷᠢᠭ ᠠᠴᠠ ᠪᠠᠨ ᠨᠢᠴᠤᠪᠠᠯ ᠠᠷᠠᠳ ᠢᠷᠭᠡᠳ ᠡᠴᠡ ᠪᠡᠨ ᠠᠭᠤᠴᠢᠯᠠᠯᠲᠠ ᠭᠤᠶᠤᠨ᠂ ᠨᠡᠩ ᠳᠠᠷᠤᠢ ᠥᠪᠡᠷ ᠦᠨ ᠬᠦᠰᠡᠯᠲᠠ ᠪᠡᠷ ᠴᠢᠯᠦᠭᠡᠯᠡᠭᠳᠡᠬᠦ ᠶᠣᠰᠣᠲᠠᠢ ᠢᠢ ᠠᠩᠬᠠᠷᠤᠭᠤᠯᠵᠤ ᠪᠠᠢᠢᠨ᠎ᠠ᠃

《ᠲᠥᠷᠥ ᠲᠥᠮᠪᠥᠭᠡᠷ᠂ ᠶᠣᠰᠣ ᠶᠣᠮᠪᠣᠭᠣᠷ》 ᠭᠡᠵᠦ ᠮᠠᠨ ᠤ ᠠᠷᠠᠳ ᠲᠦᠮᠡᠨ ᠶᠠᠷᠢᠳᠠᠭ᠃

ᠲᠥᠷᠥ ᠢᠢᠨ ᠰᠦᠯᠳᠡ᠂ ᠠᠷᠠᠳ ᠲᠦᠮᠡᠨ ᠳᠡᠭᠡᠨ ᠡᠷᠭᠦᠭ᠍ᠰᠡᠨ ᠲᠠᠩ᠋ᠭᠠᠷᠢᠭ ᠢᠶᠠᠨ ᠵᠥᠷᠢᠴᠡᠭᠰᠡᠨ ᠬᠡᠨ ᠪᠣᠯᠪᠠᠴᠤ ᠠᠷᠠᠳ ᠲᠦᠮᠡᠨ ᠦ ᠲᠥᠯᠥᠭᠡᠯᠡᠯ ᠪᠣᠯᠤᠨ ᠡᠨᠡᠬᠦ ᠡᠷᠬᠢᠮ ᠬᠦᠨᠳᠦ ᠲᠡᠢ ᠲᠠᠩᠬᠢᠮ ᠳᠤ ᠰᠠᠭᠤᠬᠤ ᠤᠴᠢᠷ ᠦᠭᠡᠢ᠃

ᠡᠢᠢᠮᠦ ᠳᠥ ᠡᠨᠡ ᠤᠳᠠᠭ᠎ᠠ ᠢᠢᠨ ᠤᠯᠤᠰ ᠤᠨ ᠶᠡᠬᠡ ᠬᠤᠷᠠᠯ ᠶᠣᠰᠣ ᠵᠦᠢ᠂ ᠰᠠᠬᠢᠯᠭ᠎ᠠ ᠬᠠᠷᠢᠭᠤᠴᠠᠯᠭ᠎ᠠ ᠢᠢ ᠳᠡᠭᠡᠳᠦᠯᠡᠨ ᠰᠠᠬᠢᠵᠤ᠂ ᠠᠷᠠᠳ ᠲᠦᠮᠡᠨ ᠦ ᠰᠣᠩ᠋ᠭᠣᠯᠲᠠ ᠢᠢ ᠬᠦᠨᠳᠦᠳᠬᠡᠨ᠂ ᠫᠠᠷᠯᠠᠮᠧᠨ᠋ᠲ ᠤᠨ ᠨᠡᠷ᠎ᠡ ᠬᠦᠨᠳᠦ ᠢᠢ ᠥᠨᠳᠥᠷ ᠲᠥ ᠡᠷᠭᠦᠵᠦ᠂ ᠠᠯᠢᠪᠠ ᠠᠰᠢᠭ ᠰᠣᠨᠢᠷᠬᠠᠯ᠂ ᠭᠡᠮᠲᠦ ᠬᠡᠷᠡᠭ᠂ ᠬᠡᠷᠡᠭ ᠵᠥᠷᠢᠴᠡᠯ ᠡᠴᠡ ᠠᠩ᠋ᠭᠢᠳᠠ ᠪᠠᠢᠢᠵᠤ᠂ ᠰᠣᠩ᠋ᠭᠣᠭᠴᠢ ᠣᠯᠠᠨ ᠤ ᠪᠠᠨ ᠢᠲᠡᠭᠡᠯ ᠨᠠᠢᠢᠳᠠᠪᠤᠷᠢ ᠢᠢ ᠳᠠᠭᠠᠭᠠᠵᠤ᠂ ᠨᠡᠷ᠎ᠡ ᠲᠥᠷᠥ ᠲᠡᠢ ᠠᠵᠢᠯᠯᠠᠬᠤ ᠢᠢ ᠲᠥᠷᠥ ᠢᠢᠨ ᠲᠡᠷᠢᠭᠦᠨ ᠣᠨᠴᠠᠭᠠᠢᠢᠯᠠᠨ ᠰᠠᠨᠠᠭᠤᠯᠵᠤ ᠪᠠᠢᠢᠨ᠎ᠠ᠃

ᠬᠠᠤᠯᠢ ᠬᠢᠨᠠᠯᠲᠠ ᠢᠢᠨ ᠪᠠᠢᠢᠭᠤᠯᠤᠯᠭ᠎ᠠ ᠢᠢᠨ ᠤᠳᠤᠷᠢᠳᠤᠯᠭ᠎ᠠ ᠨᠤᠭᠤᠳ ᠴᠤ ᠬᠠᠤᠯᠢ ᠳᠤ ᠵᠠᠬᠢᠷᠤᠭᠳᠠᠨ᠂ ᠪᠤᠷᠤᠭᠤ ᠳᠤ ᠨᠢᠳᠦ ᠬᠤᠷᠴᠠ ᠪᠠᠢᠢᠵᠤ᠂ ᠭᠡᠮ ᠦᠭᠡᠢ ᠨᠢᠭᠡᠨ ᠢ ᠬᠡᠯᠮᠡᠭᠳᠡᠭᠦᠯᠵᠦ ᠪᠣᠯᠬᠤ ᠦᠭᠡᠢ᠂ ᠭᠡᠮᠲᠦ ᠬᠡᠷᠡᠭᠲᠡᠨ ᠳᠥ ᠶᠠᠯ ᠠ ᠵᠠᠪᠰᠢᠭᠤᠯᠵᠤ ᠪᠣᠯᠬᠤ ᠦᠭᠡᠢ ᠭᠡᠳᠡᠭ ᠢ ᠬᠠᠲᠠᠭᠤ ᠰᠠᠨᠠᠭᠤᠯᠤᠨ ᠬᠡᠯᠡᠶ᠎ᠡ᠃

ᠲᠠ ᠪᠦᠬᠦᠨ ᠥᠨᠥᠳᠥᠷ ᠡᠴᠡ ᠡᠬᠢᠯᠡᠨ ᠠᠷᠠᠳ ᠲᠦᠮᠡᠨ ᠦ ᠡᠯᠴᠢ ᠢᠢᠨ ᠬᠤᠪᠢ ᠪᠠᠷ ᠨᠡᠢᠢᠲᠡ ᠢᠷᠭᠡᠨ᠂ ᠤᠯᠤᠰ ᠤᠨ ᠠᠰᠢᠭ ᠰᠣᠨᠢᠷᠬᠠᠯ᠂ ᠦᠨᠳᠦᠰᠦᠨ ᠬᠠᠤᠯᠢ ᠳᠤ ᠵᠠᠬᠢᠷᠤᠭᠳᠠᠨ ᠠᠵᠢᠯᠯᠠᠬᠤ ᠪᠠᠷ ᠡᠬᠡ ᠣᠷᠣᠨ᠂ ᠠᠷᠠᠳ ᠲᠦᠮᠡᠨ ᠳᠡᠭᠡᠨ ᠲᠠᠩ᠋ᠭᠠᠷᠢᠭ ᠡᠷᠭᠦᠵᠦ ᠪᠠᠢᠢᠨ᠎ᠠ᠃

ᠮᠣᠩ᠋ᠭᠣᠯ ᠲᠥᠷᠥ ᠢᠢᠨ ᠠᠯᠲᠠᠨ ᠰᠣᠶᠣᠩᠪᠣᠳᠤ ᠳᠠᠯᠪᠠᠭᠠᠨ ᠳᠤ ᠲᠠᠩ᠋ᠭᠠᠷᠢᠭ ᠡᠷᠭᠦᠭ᠍ᠰᠡᠨ ᠡᠨᠡ ᠴᠠᠭ ᠮᠥᠴᠡ ᠡᠴᠡ ᠡᠬᠢᠯᠡᠨ ᠳᠠᠷᠠᠭᠠᠬᠢ ᠵᠦᠢᠯᠡᠰ ᠢ ᠣᠨᠴᠠᠭᠠᠢ ᠠᠩᠬᠠᠷᠴᠤ᠂ ᠬᠦᠯᠢᠴᠡᠨ ᠲᠡᠪᠴᠢᠬᠦ ᠤᠴᠢᠷᠲᠠᠢ᠃

ᠰᠣᠩ᠋ᠭᠣᠭᠤᠯᠢ ᠢᠢᠨ ᠦᠶ᠎ᠡ ᠢᠢᠨ ᠬᠢ ᠰᠢᠭ ᠨᠠᠮᠴᠢᠷᠬᠠᠨ ᠲᠠᠯᠠᠴᠠᠵᠤ᠂ ᠬᠡᠢ ᠬᠣᠭᠣᠰᠣᠨ ᠤᠯᠤᠰ ᠲᠥᠷᠦᠵᠢᠵᠦ᠂ ᠬᠡᠢᠢᠷᠬᠡᠯ ᠦᠭᠡᠢ ᠪᠡᠷ ᠡᠪ ᠢ ᠡᠷᠬᠢᠮᠯᠡᠨ᠂ ᠵᠥᠪ ᠢ ᠳᠡᠮᠵᠢᠨ᠂ ᠡᠪᠯᠡᠨ ᠨᠡᠢᠢᠯᠡᠵᠦ ᠡᠬᠡ ᠣᠷᠣᠨ᠂ ᠠᠷᠠᠳ ᠲᠦᠮᠡᠨ ᠦ ᠪᠡᠨ ᠲᠥᠯᠥᠭᠡ ᠢᠲᠡᠭᠡᠯ ᠳᠠᠭᠠᠭᠠᠵᠤ᠂ ᠰᠡᠳᠬᠢᠯ ᠭᠠᠷᠭᠠᠵᠤ᠂ ᠬᠢᠴᠢᠶᠡᠨ ᠵᠢᠳᠬᠦᠪᠡᠯ ᠵᠣᠬᠢᠯᠲᠠᠢ᠃

ᠡᠢᠢᠮᠦ ᠳᠥ ᠡᠨᠡ ᠤᠳᠠᠭ᠎ᠠ ᠢᠢᠨ ᠤᠯᠤᠰ ᠤᠨ ᠶᠡᠬᠡ ᠬᠤᠷᠠᠯ ᠠᠯᠢᠪᠠ ᠠᠰᠠᠭᠤᠳᠠᠯ ᠢ ᠬᠡᠯᠡᠯᠴᠡᠨ ᠰᠢᠢᠳᠪᠦᠷᠢᠯᠡᠬᠦ ᠳᠡᠭᠡᠨ ᠮᠣᠩ᠋ᠭᠣᠯ ᠲᠥᠷᠥ ᠢᠢᠨ ᠪᠣᠳᠣᠯᠭ᠎ᠠ ᠢᠢᠨ ᠵᠠᠯᠭᠠᠮᠵᠢ ᠴᠢᠨᠠᠷ ᠢ ᠰᠠᠢᠢᠲᠤᠷ ᠬᠠᠳᠠᠭᠠᠯᠠᠨ᠂ ᠠᠷᠠᠳ ᠲᠦᠮᠡᠨ ᠦ ᠪᠡᠨ ᠰᠠᠨᠠᠯ ᠪᠣᠳᠣᠯ ᠢ ᠰᠠᠢᠢᠲᠤᠷ ᠰᠤᠳᠤᠯᠵᠤ᠂ ᠰᠢᠨᠵᠢᠯᠡᠬᠦ ᠤᠬᠠᠭᠠᠨᠴᠢ ᠪᠠᠷ ᠠᠰᠠᠭᠤᠳᠠᠯ ᠳᠤ ᠬᠠᠨᠳᠤᠳᠠᠭ᠂ ᠬᠡᠯᠡᠭᠰᠡᠨ ᠦᠭᠡᠨ ᠳᠡᠭᠡᠨ ᠡᠵᠡᠨ ᠪᠣᠯᠵᠤ᠂ ᠡᠪ ᠡᠶ᠎ᠡ᠂ ᠡᠪᠯᠡᠷᠡᠯ ᠵᠣᠬᠢᠴᠠᠯ ᠢ ᠡᠷᠬᠢᠮᠯᠡᠨ᠂ ᠪᠡᠶ᠎ᠡ ᠪᠡᠶ ᠡ ᠳᠡᠭᠡᠨ ᠬᠦᠨᠳᠦᠳᠬᠡᠯ ᠲᠡᠢ ᠬᠠᠨᠳᠤᠵᠤ᠂ ᠤᠶᠠᠨ ᠬᠠᠲᠠᠨ ᠪᠠᠢᠢᠵᠤ᠂ ᠠᠭᠤᠷ ᠤᠴᠠᠭᠠᠷ ᠢᠶᠠᠷ ᠪᠤᠰᠤ ᠤᠬᠠᠭᠠᠨ ᠪᠣᠳᠣᠯ ᠢᠶᠠᠷ ᠠᠰᠠᠭᠤᠳᠠᠯ ᠳᠤ ᠬᠠᠨᠳᠤᠵᠤ ᠰᠢᠢᠳᠪᠦᠷᠢ ᠭᠠᠷᠭᠠᠵᠤ ᠪᠠᠢᠢᠬᠤ ᠢᠢ ᠣᠨᠴᠠᠭᠠᠢᠢᠯᠠᠨ ᠠᠩᠬᠠᠷᠬᠤ ᠶᠣᠰᠣᠲᠠᠢ᠃

ᠡᠨᠡ ᠪᠣᠯ ᠥᠷᠭᠡᠨ ᠣᠯᠠᠨ ᠲᠦᠮᠡᠨ ᠦ ᠰᠣᠩ᠋ᠭᠣᠯᠲᠠ ᠠᠴᠠ ᠤᠷᠭᠤᠨ ᠭᠠᠷᠴᠤ ᠪᠠᠢᠢᠭ᠎ᠠ ᠠᠷᠠᠳ ᠲᠦᠮᠡᠨ ᠦ ᠵᠦᠢ ᠶᠣᠰᠣᠨ ᠤ ᠪᠣᠳᠠᠲᠤ ᠱᠠᠭᠠᠷᠳᠠᠯᠭ᠎ᠠ ᠶᠤᠮ᠃

ᠡᠷᠬᠢᠮ ᠬᠦᠨᠳᠦᠳᠥ ᠲᠥᠷᠥ ᠢᠢᠨ ᠲᠦᠰᠢᠶᠡᠳ ᠡ᠂

ᠰᠡᠭᠦᠯ ᠦᠨ ᠵᠢᠯ ᠦᠳ ᠲᠥ ᠮᠣᠩ᠋ᠭᠣᠯ ᠤᠯᠤᠰ ᠤᠨ ᠭᠠᠳᠠᠭᠠᠳᠤ ᠬᠠᠷᠢᠯᠴᠠᠭ᠎ᠠ᠂ ᠡᠳ᠋ ᠦᠨ ᠵᠠᠰᠠᠭ ᠤᠨ ᠬᠠᠮᠲᠤ ᠢᠢᠨ ᠠᠵᠢᠯᠯᠠᠭ᠎ᠠ ᠥᠷᠭᠡᠵᠢᠨ ᠲᠡᠯᠡᠵᠦ᠂ ᠥᠨᠳᠥᠷ᠂ ᠳᠡᠭᠡᠳᠦ ᠲᠦᠪᠰᠢᠨ ᠦ ᠬᠠᠷᠢᠯᠴᠠᠨ ᠠᠢᠢᠯᠴᠢᠯᠠᠯ ᠤᠳ ᠤᠨ ᠳᠠᠪᠲᠠᠮᠵᠢ ᠨᠡᠮᠡᠭᠳᠡᠵᠦ᠂ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠤᠨ ᠪᠦᠬᠦ ᠭᠡᠰᠢᠭᠦᠨ ᠣᠷᠣᠨ ᠪᠣᠯᠬᠤ 192 ᠤᠯᠤᠰ ᠲᠠᠢ ᠳ᠋ᠢᠫᠯᠣᠮᠠᠲ ᠬᠠᠷᠢᠯᠴᠠᠭ᠎ᠠ ᠲᠣᠭᠲᠠᠭᠠᠵᠤ᠂ ᠮᠣᠩ᠋ᠭᠣᠯ ᠤᠯᠤᠰ ᠤᠨ ᠨᠡᠷ᠎ᠡ ᠬᠦᠨᠳᠦ ᠣᠯᠠᠨ ᠤᠯᠤᠰ ᠤᠨ ᠲᠠᠪᠴᠠᠩ ᠳᠤ ᠥᠰᠦᠨ ᠪᠡᠬᠢᠵᠢᠵᠦ᠂ ᠪᠠᠢᠢᠷᠢ ᠰᠠᠭᠤᠷᠢ ᠪᠠᠨ ᠤᠯᠠᠮ ᠪᠠᠲᠤᠳᠬᠠᠭᠰᠠᠨ ᠲᠡᠦᠬᠡᠨ ᠣᠨᠴᠠᠯᠢᠭ ᠲᠠᠢ ᠣᠨ ᠵᠢᠯ ᠦᠳ ᠪᠠᠢᠢᠯ᠎ᠠ᠃

ᠴᠢᠨᠠᠭᠰᠢᠳᠠ ᠤᠯᠤᠰ ᠣᠷᠣᠨ ᠤ ᠠᠶᠤᠯ ᠦᠭᠡᠢ ᠪᠠᠢᠢᠳᠠᠯ᠂ ᠭᠠᠳᠠᠭᠠᠳᠤ ᠬᠠᠷᠢᠯᠴᠠᠭᠠᠨ ᠤ ᠠᠰᠠᠭᠤᠳᠠᠯ ᠳᠤ ᠨᠢᠭᠡ ᠪᠣᠳᠣᠯᠭ᠎ᠠ᠂ ᠨᠢᠭᠡᠳᠦᠮᠡᠯ ᠪᠠᠢᠢᠷᠢ ᠰᠠᠭᠤᠷᠢ ᠲᠠᠢ ᠪᠠᠢᠢᠬᠤ ᠶᠣᠰᠣᠲᠠᠢ᠃

ᠠᠶᠤᠯ ᠦᠭᠡᠢ ᠪᠠᠢᠢᠳᠠᠯ᠂ ᠭᠠᠳᠠᠭᠠᠳᠤ ᠬᠠᠷᠢᠯᠴᠠᠭ᠎ᠠ ᠢᠢ ᠤᠯᠤᠰ ᠲᠥᠷᠦᠵᠢᠭᠦᠯᠵᠦ ᠣᠭᠲᠣ ᠪᠣᠯᠬᠤ ᠦᠭᠡᠢ᠃

ᠤᠯᠤᠰ ᠤᠨ ᠠᠶᠤᠯ ᠦᠭᠡᠢ ᠪᠠᠢᠢᠳᠠᠯ᠂ ᠭᠠᠳᠠᠭᠠᠳᠤ ᠪᠣᠳᠣᠯᠭ᠎ᠠ ᠭᠡᠵᠦ ᠪᠠᠢᠢᠬᠤ ᠠᠴᠠ ᠤᠯᠤᠰ ᠤᠨ ᠶᠡᠬᠡ ᠬᠤᠷᠠᠯ ᠤᠨ ᠭᠡᠰᠢᠭᠦᠨ ᠦ ᠪᠡᠶ᠎ᠡ ᠳᠠᠭᠠᠭᠠᠭᠰᠠᠨ ᠭᠠᠳᠠᠭᠠᠳᠤ ᠪᠣᠳᠣᠯᠭ᠎ᠠ ᠭᠡᠵᠦ ᠣᠭᠲᠣ ᠪᠠᠢᠢᠬᠤ ᠦᠭᠡᠢ ᠭᠡᠳᠡᠭ ᠢ ᠰᠠᠨᠠᠭᠤᠯᠤᠶ᠎ᠠ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠦᠵᠡᠯ ᠰᠠᠨᠠᠭ᠎ᠠ᠂ ᠦᠢᠯᠡ ᠬᠡᠷᠡᠭ ᠲᠡᠭᠡᠨ ᠢᠮᠠᠭᠲᠠ ᠪᠠᠷᠢᠮᠲᠠᠯᠠᠵᠤ᠂ ᠴᠠᠭ ᠢᠮᠠᠭᠲᠠ ᠰᠡᠳᠬᠢᠯ ᠢᠶᠡᠨ ᠴᠢᠯᠡᠭᠡᠳᠡᠭ ᠤᠯᠤᠰ ᠦᠨᠳᠦᠰᠦᠲᠡᠨ ᠦ ᠣᠷᠣᠰᠢᠨ ᠲᠣᠭᠲᠠᠨᠢᠬᠤᠢ ᠢᠢᠨ ᠲᠤᠯᠭᠠᠭᠤᠷᠢ ᠭᠤᠷᠪᠠᠨ ᠦᠨᠡᠲᠦ ᠵᠦᠢᠯ ᠪᠠᠢᠢᠳᠠᠭ᠃

ᠡᠨᠡ ᠪᠣᠯ ᠮᠠᠨ ᠤ ᠤᠯᠤᠰ ᠤᠨ ᠲᠤᠰᠠᠭᠠᠷ ᠲᠣᠭᠲᠠᠨᠢᠯ᠂ ᠦᠨᠳᠦᠰᠦᠨ ᠦ ᠠᠶᠤᠯ ᠦᠭᠡᠢ ᠪᠠᠢᠢᠳᠠᠯ᠂ ᠮᠠᠨ ᠤ ᠠᠷᠠᠳ ᠲᠦᠮᠡᠨ ᠦ ᠡᠪ ᠨᠢᠭᠡᠳᠦᠯ ᠶᠤᠮ᠃

ᠡᠷᠬᠢᠮ ᠲᠥᠷᠥ ᠢᠢᠨ ᠲᠦᠰᠢᠶᠡᠳ ᠲᠠ ᠪᠦᠬᠦᠨ ᠴᠤ ᠪᠠᠰᠠ ᠡᠨᠡᠬᠦ ᠭᠤᠷᠪᠠᠨ ᠦᠨᠡᠲᠦ ᠵᠦᠢᠯ ᠢ ᠲᠥᠷᠥ ᠢᠢᠨ ᠦᠢᠯᠡ ᠬᠡᠷᠡᠭ ᠢ ᠰᠢᠢᠳᠬᠦ ᠳᠡᠭᠡᠨ ᠢᠮᠠᠭᠲᠠ ᠰᠠᠨᠠᠵᠤ᠂ ᠡᠷᠬᠢᠮᠯᠡᠨ ᠳᠡᠭᠡᠳᠦᠯᠡᠵᠦ᠂ ᠴᠢᠩᠳᠠᠯᠠᠨ ᠪᠠᠷᠢᠮᠲᠠᠯᠠᠵᠤ᠂ ᠨᠢᠳᠦᠨ ᠦ ᠴᠡᠴᠡᠭᠡᠢ ᠮᠡᠲᠦ ᠬᠠᠢᠢᠷᠠᠯᠠᠨ ᠬᠠᠮᠠᠭᠠᠯᠠᠬᠤ ᠤᠴᠢᠷᠲᠠᠢ᠃

ᠮᠣᠩ᠋ᠭᠣᠯ ᠲᠥᠷᠥ ᠢᠢᠨ ᠡᠷᠬᠢᠮ ᠲᠦᠰᠢᠶᠡᠳ ᠲᠠ ᠪᠦᠬᠦᠨ ᠦᠨᠳᠦᠰᠦᠨ ᠦ ᠢᠵᠠᠭᠤᠷ ᠡᠷᠬᠡ ᠠᠰᠢᠭ ᠢ ᠳᠡᠭᠡᠳᠦᠯᠡᠨ ᠰᠠᠬᠢᠵᠤ᠂ ᠡᠵᠡᠨ ᠴᠢᠩ᠋ᠭᠢᠰ ᠬᠠᠭᠠᠨ ᠤ ᠪᠢᠯᠢᠭ᠌ ᠰᠤᠷᠭᠠᠯ ᠢ ᠳᠠᠭᠠᠨ ᠮᠥᠷᠳᠡᠵᠦ᠂ ᠠᠷᠠᠳ ᠲᠦᠮᠡᠨ ᠦ ᠪᠡᠨ ᠡᠪ ᠨᠢᠭᠡᠳᠦᠯ ᠢ ᠰᠠᠬᠢᠨ ᠪᠠᠲᠤᠳᠬᠠᠵᠤ᠂ ᠬᠠᠯᠠᠭᠤᠨ ᠵᠠᠭᠤᠷ᠎ᠠ ᠪᠠᠨ ᠡᠶ᠎ᠡ ᠡᠪ ᠢᠶᠡᠨ ᠬᠢᠴᠢᠶᠡᠨ᠂ ᠡᠬᠡ ᠣᠷᠣᠨ ᠤ ᠪᠠᠨ ᠬᠥᠭ᠍ᠵᠢᠯ ᠳᠡᠪᠰᠢᠯ᠂ ᠤᠯᠤᠰ ᠮᠣᠩ᠋ᠭᠣᠯ ᠤᠨ ᠢᠶᠠᠨ ᠢᠷᠡᠭᠡᠳᠦᠢ ᠢᠢᠨ ᠰᠠᠢᠢᠨ ᠰᠠᠢᠢᠬᠠᠨ ᠤ ᠲᠥᠯᠥᠭᠡ ᠬᠢᠴᠢᠶᠡᠨ ᠵᠢᠳᠬᠦᠬᠦ ᠶᠣᠰᠣᠲᠠᠢ᠃

ᠪᠢᠳᠡ ᠨᠢᠭᠡ ᠮᠣᠩ᠋ᠭᠣᠯ᠂ ᠨᠢᠭᠡ ᠭᠡᠷ ᠪᠦᠯᠢ᠂ ᠨᠢᠭᠡ ᠠᠷᠠᠳ ᠲᠦᠮᠡᠨ ᠭᠡᠳᠡᠭ ᠢᠶᠡᠨ ᠭᠦᠨ ᠢᠢᠡᠨ ᠤᠬᠠᠮᠰᠠᠷᠯᠠᠵᠤ᠂ ᠬᠦᠰᠡᠯ ᠵᠣᠷᠢᠯᠭ᠎ᠠ᠂ ᠦᠨᠡᠲᠦ ᠵᠦᠢᠯ ᠢᠶᠡᠷ ᠢᠶᠡᠨ ᠨᠢᠭᠡᠳᠦᠨ ᠨᠡᠢᠢᠯᠡᠵᠦ᠂ ᠬᠣᠲᠠᠯᠠ ᠲᠦᠮᠡᠨ ᠢᠶᠡᠷ ᠢᠶᠡᠨ ᠰᠡᠳᠬᠢᠯ ᠢᠶᠡᠨ ᠲᠥᠪᠰᠢᠳᠬᠡᠨ᠂ ᠢᠲᠡᠭᠡᠯ ᠢᠶᠡᠨ ᠪᠡᠬᠢᠯᠡᠵᠦ᠂ ᠡᠪ ᠢᠶᠡᠨ ᠵᠠᠩ᠋ᠭᠢᠳᠤᠨ᠂ ᠥᠭᠡᠳᠡᠷᠡᠭ ᠲᠡᠮᠡᠦᠯᠡᠯ᠂ ᠥᠷᠨᠢᠭᠦᠨ ᠵᠢᠳᠬᠦᠯ ᠢᠶᠡᠷ ᠡᠬᠡ ᠣᠷᠣᠨ ᠢᠶᠠᠨ ᠬᠠᠮᠲᠤ ᠳᠠᠭᠠᠨ ᠬᠥᠭ᠍ᠵᠢᠭᠦᠯᠴᠡᠭᠡᠶ᠎ᠡ᠃

ᠲᠥᠷᠥ ᠲᠦᠪᠰᠢᠨ᠂ ᠱᠠᠰᠢᠨ ᠲᠤᠩ᠋ᠭᠠᠯᠠᠭ᠂ ᠳᠡᠯᠡᠬᠡᠢ ᠠᠮᠤᠭᠤᠯᠠᠩ ᠪᠠᠢᠢᠬᠤ ᠪᠣᠯᠲᠤᠭᠠᠢ᠃

ᠮᠥᠩᠬᠡ ᠲᠩᠷᠢ ᠢᠢᠨ ᠬᠦᠴᠦᠨ ᠳᠣᠣᠷ᠎ᠠ ᠮᠣᠩ᠋ᠭᠣᠯ ᠤᠯᠤᠰ ᠮᠠᠨᠳᠤᠨ ᠪᠠᠳᠠᠷᠠᠬᠤ ᠪᠣᠯᠲᠤᠭᠠᠢ》 ᠭᠡᠯ᠎ᠡ᠃