Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊᠂ ᠬᠦᠷᠡᠯᠰᠦ᠋ᠬᠡ ᠣᠷᠣᠰ ᠤᠨ ᠬᠣᠯᠪᠣᠭᠠᠨ ᠤ ᠤᠯᠤᠰ ᠤᠨ ᠶᠡᠷᠦᠩᠬᠡᠢᠢᠯᠡᠭᠴᠢ ᠸ᠊᠂ ᠸ᠊᠂ ᠫᠥᠲ᠋ᠢᠨ ᠲᠠᠢ ᠠᠭᠤᠯᠵᠠᠯ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠪᠦᠭᠦᠳᠡ ᠨᠠᠢᠢᠷᠠᠮᠳᠠᠬᠤ ᠬᠠᠰᠠᠭ ᠤᠯᠤᠰ ᠤᠨ ᠨᠡᠢᠢᠰᠯᠡᠯ ᠠᠰᠲ᠋ᠠᠨ᠎ᠠ ᠬᠣᠲᠠᠨ᠎ᠠ ᠱᠠᠩᠬᠠᠢ ᠢᠢᠨ ᠬᠠᠮᠲᠤ ᠢᠢᠨ ᠠᠵᠢᠯᠯᠠᠭᠠᠨ ᠤ ᠪᠠᠢᠢᠭᠤᠯᠤᠯᠭ᠎ᠠ ᠢᠢᠨ ᠭᠡᠰᠢᠭᠦᠨ ᠣᠷᠣᠨ ᠨᠤᠭᠤᠳ ᠤᠨ ᠲᠥᠷᠥ ᠢᠢᠨ ᠲᠡᠷᠢᠭᠦᠨ ᠨᠠᠷ ᠤᠨ ᠵᠥᠪᠯᠡᠯ ᠦᠨ ᠥᠷᠭᠡᠳᠬᠡᠭ᠍ᠰᠡᠨ ᠬᠤᠷᠠᠯᠳᠤᠭᠠᠨ ᠳᠤ ᠠᠵᠢᠭᠯᠠᠭᠴᠢ ᠪᠠᠷ ᠤᠷᠤᠯᠴᠠᠬᠤ ᠦᠶ᠎ᠡ ᠪᠡᠷ ᠢᠶᠡᠨ ᠣᠷᠣᠰ ᠤᠨ ᠬᠣᠯᠪᠣᠭᠠᠨ ᠤ ᠤᠯᠤᠰ ᠤᠨ ᠶᠡᠷᠦᠩᠬᠡᠢᠢᠯᠡᠭᠴᠢ ᠸᠯᠠᠳᠢᠮᠢᠷ ᠸᠯᠠᠳᠢᠮᠢᠷᠣᠸᠢᠼ ᠫᠥᠲ᠋ᠢᠨ ᠲᠠᠢ ᠠᠭᠤᠯᠵᠠᠯ᠎ᠠ᠃

ᠲᠥᠷᠥ ᠢᠢᠨ ᠲᠡᠷᠢᠭᠦᠨ ᠨᠠᠷ ᠮᠣᠩ᠋ᠭᠣᠯ᠂ ᠣᠷᠣᠰ ᠤᠨ ᠢᠵᠢ ᠪᠦᠷᠢᠨ ᠰᠲ᠋ᠷᠠᠲ᠋ᠧᠭᠢ ᠢᠢᠨ ᠲᠦᠩᠰᠢᠯᠡᠯ ᠦᠨ ᠬᠠᠷᠢᠯᠴᠠᠭ᠎ᠠ ᠢᠢ ᠤᠯᠠᠮ ᠪᠦᠷᠢ ᠭᠦᠨᠵᠡᠭᠡᠢᠢᠷᠡᠭᠦᠯᠬᠦ᠂ ᠰᠢᠨ᠎ᠡ ᠠᠭᠤᠯᠭ᠎ᠠ ᠪᠠᠷ ᠪᠠᠶᠠᠵᠢᠭᠤᠯᠬᠤ ᠵᠣᠷᠢᠯᠲᠠ ᠢᠢᠨ ᠬᠦᠷᠢᠶᠡᠨ ᠳᠥ ᠬᠣᠶᠠᠷ ᠲᠠᠯ᠎ᠠ ᠢᠢᠨ ᠬᠤᠳᠠᠯᠳᠤᠭᠠᠨ ᠤ ᠲᠠᠲᠠᠪᠤᠷᠢ ᠢᠢ ᠪᠠᠭᠤᠷᠠᠭᠤᠯᠬᠤ᠂ ᠳᠡᠳ᠋ ᠪᠦᠲᠦᠴᠡ᠂ ᠡᠷᠴᠢᠮ ᠬᠦᠴᠦᠨ ᠦ ᠰᠠᠯᠪᠤᠷᠢ ᠳᠤ ᠬᠡᠷᠡᠭᠵᠢᠭᠦᠯᠬᠦ ᠪᠦᠲᠦᠭᠡᠨ ᠪᠠᠢᠢᠭᠤᠯᠤᠯᠲᠠ ᠢᠢᠨ ᠲᠣᠮᠣᠬᠠᠨ᠂ ᠲᠥᠰᠥᠯ ᠬᠥᠲᠥᠯᠪᠦᠷᠢ ᠨᠤᠭᠦᠳ ᠦᠨ ᠲᠠᠯ᠎ᠠ ᠪᠠᠷ ᠰᠠᠨᠠᠯ ᠰᠤᠯᠢᠯᠴᠠᠪᠠ᠃

ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠣᠷᠣᠰ ᠤᠨ ᠬᠣᠯᠪᠣᠭᠠᠨ ᠤ ᠤᠯᠤᠰ ᠲᠠᠢ ᠰᠠᠢᠢᠨ ᠬᠥᠷᠰᠢ ᠢᠢᠨ ᠨᠠᠢᠢᠷᠰᠠᠭ ᠬᠠᠷᠢᠯᠴᠠᠭ᠎ᠠ᠂ ᠬᠠᠷᠢᠯᠴᠠᠨ ᠠᠰᠢᠭᠲᠠᠢ ᠬᠠᠮᠲᠤ ᠢᠢᠨ ᠠᠵᠢᠯᠯᠠᠭ᠎ᠠ ᠢᠢ ᠬᠥᠭ᠍ᠵᠢᠭᠦᠯᠬᠦ ᠨᠢ ᠮᠣᠩ᠋ᠭᠣᠯ ᠤᠯᠤᠰ ᠤᠨ ᠭᠠᠳᠠᠭᠠᠳᠤ ᠪᠣᠳᠣᠯᠭ᠎ᠠ ᠢᠢᠨ ᠦᠵᠡᠯ ᠪᠠᠷᠢᠮᠲᠠᠯᠠᠯ ᠤᠨ ᠲᠡᠷᠢᠭᠦᠯᠡᠬᠦ ᠴᠢᠭᠯᠡᠯ ᠪᠠᠢᠢᠳᠠᠭ ᠢ ᠨᠣᠲᠠᠯᠠᠯ᠎ᠠ᠃

ᠮᠣᠩ᠋ᠭᠣᠯ ᠤᠯᠤᠰ᠂ ᠧᠦ᠋ᠷᠠᠽᠢ ᠢᠢᠨ ᠡᠳ᠋ ᠦᠨ ᠵᠠᠰᠠᠭ ᠤᠨ ᠬᠣᠯᠪᠣᠭᠠᠨ ᠤ ᠬᠣᠭᠣᠷᠣᠨᠳᠣ ᠴᠢᠯᠦᠭᠡᠲᠦ ᠬᠤᠳᠠᠯᠳᠤᠭᠠᠨ ᠤ ᠲᠤᠰᠬᠠᠢ ᠬᠡᠯᠡᠯᠴᠡᠭᠡᠷ ᠪᠠᠢᠢᠭᠤᠯᠬᠤ ᠶᠠᠷᠢᠶ᠎ᠠ᠂ ᠬᠡᠯᠡᠯᠴᠡᠭᠡ ᠠᠮᠵᠢᠯᠲᠠᠲᠠᠢ ᠥᠷᠨᠢᠵᠦ ᠪᠠᠢᠢᠭ᠎ᠠ ᠢᠢ ᠶᠡᠷᠦᠩᠬᠡᠢᠢᠯᠡᠭᠴᠢᠳ ᠣᠨᠴᠠᠯᠠᠵᠤ᠂ ᠡᠨᠡ ᠣᠨ ᠳᠤ ᠪᠠᠭᠲᠠᠭᠠᠨ ᠲᠠᠯ᠎ᠠ ᠨᠤᠭᠤᠳ ᠭᠠᠷ ᠤᠨ ᠦᠰᠦᠭ ᠵᠢᠷᠤᠬᠤ ᠢᠢᠨ ᠲᠥᠯᠥᠭᠡ ᠪᠠᠢᠢᠭ᠎ᠠ ᠪᠠᠨ ᠢᠯᠡᠷᠬᠡᠢᠢᠯᠡᠪᠡ᠃

ᠬᠡᠯᠡᠯᠴᠡᠭᠡᠷ ᠢ ᠪᠠᠢᠢᠭᠤᠯᠤᠭᠰᠠᠨ ᠢᠶᠠᠷ ᠬᠣᠶᠠᠷ ᠲᠠᠯ᠎ᠠ ᠢᠢᠨ ᠬᠤᠳᠠᠯᠳᠤᠭ᠎ᠠ ᠲᠡᠳᠦᠢ ᠦᠭᠡᠢ ᠳᠡᠳ᠋ ᠪᠦᠲᠦᠴᠡ᠂ ᠡᠷᠴᠢᠮ ᠬᠦᠴᠦ᠂ ᠬᠥᠳᠡᠭᠡ ᠠᠵᠤ ᠠᠬᠤᠢ ᠵᠡᠷᠭᠡ ᠰᠲ᠋ᠷᠠᠲ᠋ᠧᠭᠢ ᠢᠢᠨ ᠴᠢᠬᠤᠯᠠ ᠠᠴᠢ ᠬᠣᠯᠪᠣᠭᠳᠠᠯ ᠲᠠᠢ ᠰᠠᠯᠪᠤᠷᠢ ᠢᠢᠨ ᠬᠠᠮᠲᠤ ᠢᠢᠨ ᠠᠵᠢᠯᠯᠠᠭ᠎ᠠ ᠥᠷᠭᠡᠵᠢᠨ ᠬᠥᠭ᠍ᠵᠢᠬᠦ ᠡᠴᠡ ᠭᠠᠳᠠᠨ᠎ᠠ ᠬᠠᠮᠲᠤᠷᠠᠭᠰᠠᠨ ᠠᠵᠤ ᠠᠬᠤᠢ ᠢᠢᠨ ᠨᠢᠭᠡᠴᠡ᠂ ᠦᠢᠯᠡᠳᠪᠦᠷᠢ ᠪᠠᠢᠢᠭᠤᠯᠬᠤ ᠳᠤ ᠲᠦᠯᠬᠢᠴᠡ ᠦᠵᠡᠭᠦᠯᠦᠨ᠎ᠡ ᠭᠡᠳᠡᠭ ᠲᠥ ᠰᠠᠨᠠᠯ ᠨᠢᠭᠡᠳᠦᠯ᠎ᠡ᠃

2024 ᠣᠨ ᠳᠤ ᠬᠠᠯᠬ᠎ᠠ ᠢᠢᠨ ᠭᠣᠣᠯ ᠤᠨ ᠲᠤᠯᠤᠯᠳᠤᠭᠠᠨ ᠤ ᠬᠠᠮᠲᠤ ᠢᠢᠨ ᠢᠯᠠᠯᠲᠠ ᠢᠢᠨ 85 ᠵᠢᠯ ᠦᠨ ᠣᠢ ᠢᠢ ᠬᠠᠮᠲᠤᠷᠠᠨ ᠲᠡᠮᠳᠡᠭᠯᠡᠬᠦ ᠨᠢ ᠬᠣᠶᠠᠷ ᠤᠯᠤᠰ ᠤᠨ ᠢᠷᠭᠡᠳ ᠬᠣᠭᠣᠷᠣᠨᠳᠣ ᠢᠢᠨ ᠬᠠᠷᠢᠯᠴᠠᠨ ᠣᠢᠢᠯᠠᠭᠠᠯᠴᠠᠯ᠂ ᠢᠲᠡᠭᠡᠯᠴᠡᠯ ᠢ ᠪᠡᠬᠢᠵᠢᠭᠦᠯᠬᠦ ᠳᠥ ᠴᠢᠬᠤᠯᠠ ᠠᠴᠢ ᠬᠣᠯᠪᠣᠭᠳᠠᠯ ᠲᠠᠢ ᠪᠣᠯᠤᠨ᠎ᠠ ᠭᠡᠵᠦ ᠦᠵᠡᠵᠦ ᠪᠠᠢᠢᠭ᠎ᠠ ᠪᠠᠨ ᠬᠣᠶᠠᠷ ᠤᠯᠤᠰ ᠤᠨ ᠲᠥᠷᠥ ᠢᠢᠨ ᠲᠡᠷᠢᠭᠦᠨ ᠨᠤᠭᠥᠳ ᠢᠯᠡᠷᠬᠡᠢᠢᠯᠡᠪᠡ᠃

ᠠᠭᠤᠯᠵᠠᠯᠲᠠ ᠪᠠᠷ ᠮᠥᠨ 《ᠤᠯᠠᠭᠠᠨᠪᠠᠭᠠᠲᠤᠷ ᠤᠨ ᠲᠡᠮᠦᠷ ᠵᠠᠮ》ᠬᠤ᠊᠂ ᠨᠡᠢᠢ᠊᠂ ᠨᠡᠢᠢ᠊᠂ ᠢᠢᠨ ᠲᠥᠪ ᠱᠤᠭᠤᠮ᠂ ᠳᠤᠯᠠᠭᠠᠨ ᠤ ᠭᠤᠷᠪᠠᠳᠠᠭᠤᠷ ᠴᠠᠬᠢᠯᠭᠠᠨ ᠰᠲ᠋ᠠᠨ᠋ᠼ ᠤᠨ ᠰᠢᠨᠡᠴᠢᠯᠡᠯ᠂ ᠵᠡᠭᠦᠨ᠂ ᠪᠠᠷᠠᠭᠤᠨ ᠲᠡᠮᠦᠷ ᠵᠠᠮ᠂ ᠮᠣᠩ᠋ᠭᠣᠯ ᠤᠯᠤᠰ ᠤᠨ ᠨᠤᠲᠤᠭ ᠳᠡᠪᠢᠰᠬᠡᠷ ᠢᠶᠡᠷ ᠳᠠᠮᠵᠢᠭᠤᠯᠤᠨ ᠪᠠᠢᠢᠭᠠᠯᠢ ᠢᠢᠨ ᠬᠡᠢ ᠢᠢᠨ ᠬᠣᠭᠣᠯᠠᠢ ᠪᠠᠷᠢᠬᠤ ᠵᠡᠷᠭᠡ ᠲᠣᠮᠣᠬᠠᠨ ᠪᠦᠲᠦᠭᠡᠨ ᠪᠠᠢᠢᠭᠤᠯᠤᠯᠲᠠ ᠢᠢᠨ ᠶᠠᠪᠤᠴᠠ ᠢᠢᠨ ᠲᠠᠯ᠎ᠠ ᠪᠠᠷ ᠶᠠᠷᠢᠯᠴᠠᠯ᠎ᠠ᠃