Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊᠂ ᠬᠦᠷᠡᠯᠰᠦ᠋ᠬᠡ ᠪᠦᠭᠦᠳᠡ ᠨᠠᠢᠢᠷᠠᠮᠳᠠᠬᠤ ᠬᠢᠷᠭᠢᠰ ᠤᠯᠤᠰ ᠤᠨ ᠶᠡᠷᠦᠩᠬᠡᠢᠢᠯᠡᠭᠴᠢ ᠲᠡᠢ ᠠᠭᠤᠯᠵᠠᠪᠠ

ᠪᠦᠭᠦᠳᠡ ᠨᠠᠢᠢᠷᠠᠮᠳᠠᠬᠤ ᠬᠠᠰᠠᠭ ᠤᠯᠤᠰ ᠤᠨ ᠠᠰᠲ᠋ᠠᠨ᠎ᠠ ᠬᠣᠲᠠᠨ᠎ᠠ ᠱᠠᠩᠬᠠᠢ ᠢᠢᠨ ᠬᠠᠮᠲᠤ ᠢᠢᠨ ᠠᠵᠢᠯᠯᠠᠭᠠᠨ ᠤ ᠪᠠᠢᠢᠭᠤᠯᠤᠯᠭ᠎ᠠ ᠢᠢᠨ ᠭᠡᠰᠢᠭᠦᠨ ᠣᠷᠣᠨ ᠨᠤᠭᠤᠳ ᠤᠨ ᠲᠥᠷᠥ ᠢᠢᠨ ᠲᠡᠷᠢᠭᠦᠨ ᠨᠤᠭᠥᠳ ᠤᠨ ᠵᠥᠪᠯᠡᠯ ᠦᠨ ᠥᠷᠭᠡᠳᠬᠡᠭ᠍ᠰᠡᠨ ᠬᠤᠷᠠᠯᠳᠤᠭᠠᠨ ᠳᠤ ᠣᠷᠣᠯᠴᠠᠵᠤ ᠪᠤᠢ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ 2024 ᠣᠨ ᠤ 07 ᠳ᠋ᠤᠭᠠᠷ ᠰᠠᠷ᠎ᠠ ᠢᠢᠨ 03 ᠍ ᠤ ᠡᠳᠦᠷ ᠬᠢᠷᠭᠢᠰ ᠤᠯᠤᠰ ᠤᠨ ᠶᠡᠷᠦᠩᠬᠡᠢᠢᠯᠡᠭᠴᠢ ᠰᠠᠳ᠋ᠢᠷ ᠿᠠᠫᠠᠷᠤᠸ ᠲᠠᠢ ᠠᠭᠤᠯᠵᠠᠪᠠ᠃

ᠶᠡᠷᠦᠩᠬᠡᠢᠢᠯᠡᠭᠴᠢ ᠰᠠ᠊᠂ ᠿᠠᠫᠠᠷᠤᠸ ᠤᠨ 2023 ᠣᠨ ᠳᠤ ᠮᠣᠩ᠋ᠭᠣᠯ ᠤᠯᠤᠰ ᠲᠤ ᠬᠢᠭ᠍ᠰᠡᠨ ᠲᠥᠷᠥ ᠢᠢᠨ ᠠᠢᠢᠯᠴᠢᠯᠠᠯ ᠬᠣᠶᠠᠷ ᠤᠯᠤᠰ ᠤᠨ ᠬᠠᠷᠢᠯᠴᠠᠭ᠎ᠠ ᠢᠢ ᠭᠦᠨᠵᠡᠭᠡᠢᠢᠷᠡᠭᠦᠯᠵᠦ᠂ ᠠᠷᠠᠳ ᠲᠦᠮᠡᠨ ᠦ ᠨᠠᠢᠢᠷᠠᠮᠳᠠᠯ᠂ ᠨᠥᠬᠥᠷᠯᠡᠯ ᠢ ᠪᠡᠬᠢᠵᠢᠭᠦᠯᠦᠭᠰᠡᠨ ᠢ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠣᠨᠴᠠᠯᠠᠯ᠎ᠠ᠃

ᠮᠥᠨ ᠬᠣᠶᠠᠷ ᠣᠷᠣᠨ ᠤ ᠨᠠᠢᠢᠷᠰᠠᠭ ᠬᠠᠷᠢᠯᠴᠠᠭ᠎ᠠ ᠢᠢ ᠪᠠᠲᠤᠳᠬᠠᠬᠤ᠂ ᠳᠡᠭᠡᠳᠦ᠂ ᠥᠨᠳᠥᠷ ᠲᠦᠪᠰᠢᠨ ᠦ ᠶᠠᠷᠢᠶ᠎ᠠ ᠬᠡᠯᠡᠯᠴᠡᠭᠡ ᠢᠢ ᠢᠳᠡᠪᠬᠢᠵᠢᠭᠦᠯᠬᠦ᠂ ᠬᠠᠷᠢᠯᠴᠠᠨ ᠠᠰᠢᠭᠲᠠᠢ ᠬᠠᠮᠲᠤ ᠢᠢᠨ ᠠᠵᠢᠯᠯᠠᠭ᠎ᠠ ᠢᠢ ᠭᠦᠨᠵᠡᠭᠡᠢᠢᠷᠡᠭᠦᠯᠦᠨ ᠬᠥᠭ᠍ᠵᠢᠭᠦᠯᠬᠦ ᠳᠥ ᠴᠢᠬᠤᠯᠠ ᠠᠴᠢ ᠬᠣᠯᠪᠣᠭᠳᠠᠯ ᠲᠠᠢ ᠪᠣᠯᠤᠭᠰᠠᠨ ᠢ ᠲᠡᠮᠳᠡᠭᠯᠡᠪᠡ᠃

ᠲᠥᠷᠥ ᠢᠢᠨ ᠲᠡᠷᠢᠭᠦᠨ ᠨᠤᠭᠦᠳ ᠬᠣᠶᠠᠷ ᠤᠯᠤᠰ ᠤᠨ ᠬᠠᠤᠯᠢ ᠲᠣᠭᠲᠠᠭᠠᠬᠤ ᠪᠠᠢᠢᠭᠤᠯᠤᠯᠭ᠎ᠠ ᠬᠣᠭᠣᠷᠣᠨᠳᠣ ᠢᠢᠨ ᠬᠠᠮᠲᠤ ᠢᠢᠨ ᠠᠵᠢᠯᠯᠠᠭ᠎ᠠ ᠢᠳᠡᠪᠬᠢᠵᠢᠵᠦ ᠪᠤᠢ ᠢᠢ ᠰᠠᠢᠢᠰᠢᠶᠠᠵᠤ᠂ ᠮᠣᠩ᠋ᠭᠣᠯ ᠤᠯᠤᠰ ᠤᠨ ᠶᠡᠬᠡ ᠬᠤᠷᠠᠯ ᠤᠨ ᠳᠠᠷᠤᠭ᠎ᠠ ᠪᠣᠯᠤᠨ ᠬᠢᠷᠭᠢᠰ ᠤᠯᠤᠰ ᠤᠨ ᠫᠠᠷᠯᠠᠮᠧᠨ᠋ᠲ ᠿᠣᠭᠤᠷᠻᠦ᠋ ᠻᠧᠨᠧᠱᠢ ᠢᠢᠨ ᠳᠠᠷᠤᠭ᠎ᠠ ᠨᠠᠷ ᠤᠨ 2024 ᠣᠨ ᠳᠤ ᠬᠢᠭ᠍ᠰᠡᠨ ᠬᠠᠷᠢᠯᠴᠠᠨ ᠠᠢᠢᠯᠴᠢᠯᠠᠯ ᠠᠮᠵᠢᠯᠲᠠᠲᠠᠢ᠂ ᠦᠷ᠎ᠡ ᠳ᠋ᠦᠩ ᠲᠡᠢ ᠪᠣᠯᠤᠭᠰᠠᠨ ᠢ ᠣᠨᠴᠠᠯᠠᠯ᠎ᠠ᠃

ᠴᠢᠨᠠᠭᠰᠢᠳᠠ ᠤᠯᠠᠮᠵᠢᠯᠠᠯᠲᠤ ᠨᠠᠢᠢᠷᠰᠠᠭ ᠬᠠᠷᠢᠯᠴᠠᠭ᠎ᠠ ᠪᠠᠨ ᠭᠦᠨᠵᠡᠭᠡᠢᠢᠷᠡᠭᠦᠯᠦᠨ ᠪᠠᠲᠤᠳᠬᠠᠬᠤ ᠬᠦᠷᠢᠶᠡᠨ ᠳᠥ ᠪᠠᠲᠤᠯᠠᠨ ᠬᠠᠮᠠᠭᠠᠯᠠᠬᠤ᠂ ᠬᠤᠳᠠᠯᠳᠤᠭ᠎ᠠ᠂ ᠡᠳ᠋ ᠦᠨ ᠵᠠᠰᠠᠭ᠂ ᠪᠣᠯᠪᠠᠰᠤᠷᠠᠯ᠂ ᠠᠶᠠᠯᠠᠯ ᠵᠢᠭᠤᠯᠴᠢᠯᠠᠯ᠂ ᠬᠥᠳᠡᠭᠡ ᠠᠵᠤ ᠠᠬᠤᠢ᠂ ᠬᠥᠩ᠋ᠭᠡᠨ ᠦᠢᠯᠡᠳᠪᠦᠷᠢ᠂ ᠲᠡᠭᠡᠭᠡᠪᠦᠷᠢ᠂ ᠯᠣᠵᠢᠰᠲ᠋ᠢᠭ ᠵᠡᠷᠭᠡ ᠰᠠᠯᠪᠤᠷᠢ ᠳᠤ ᠢᠳᠡᠪᠬᠢᠲᠡᠢ᠂ ᠨᠢᠭ᠌ᠲᠠ ᠬᠠᠮᠲᠤᠷᠠᠨ ᠠᠵᠢᠯᠯᠠᠬᠤ ᠪᠠᠨ ᠢᠯᠡᠷᠬᠡᠢᠢᠯᠡᠪᠡ᠃

ᠶᠡᠷᠦᠩᠬᠡᠢᠢᠯᠡᠭᠴᠢ ᠢᠢᠨ ᠰᠠᠨᠠᠭᠠᠴᠢᠯᠠᠨ ᠬᠡᠷᠡᠭᠵᠢᠭᠦᠯᠵᠦ ᠪᠤᠢ《ᠲᠡᠷᠪᠤᠮ ᠮᠣᠳᠣ》 ᠦᠨᠳᠦᠰᠦᠨ ᠦ ᠬᠥᠳᠡᠯᠭᠡᠭᠡᠨ ᠢ ᠬᠢᠷᠭᠢᠰ ᠤᠯᠤᠰ ᠤᠨ 《ᠨᠣᠭᠣᠭᠠᠨ ᠥᠪ》 ᠰᠠᠨᠠᠭᠠᠴᠢᠯᠠᠭ᠎ᠠ ᠲᠠᠢ ᠤᠶᠠᠯᠳᠤᠭᠤᠯᠤᠨ ᠬᠢᠷᠭᠢᠰ ‍ᠥᠨ ᠵᠢᠮᠢᠰ᠂ ᠵᠢᠮᠢᠰᠬᠡᠨ ᠦ ᠮᠣᠳᠣᠨ ᠤ ᠰᠠᠭᠤᠯᠭᠠᠴᠠ ᠢᠢ ᠮᠣᠩ᠋ᠭᠣᠯ ᠳᠤ ᠨᠤᠲᠤᠭᠰᠢᠭᠤᠯᠬᠤ᠂ ᠡᠷᠳᠡᠨᠢᠲᠦ ᠬᠣᠲᠠᠨ᠎ᠠ 《ᠮᠣᠩ᠋ᠭᠣᠯ᠂ ᠬᠢᠷᠭᠢᠰ ‍ᠥᠨ ᠨᠠᠢᠢᠷᠠᠮᠳᠠᠯ ᠤᠨ ᠲᠥᠭᠡᠯ》 ᠴᠡᠴᠡᠷᠯᠢᠭ ᠲᠥ ᠬᠦᠷᠢᠶᠡᠯᠡᠩ ᠪᠠᠢᠢᠭᠤᠯᠬᠤ ᠠᠵᠢᠯ ᠢᠳᠡᠪᠬᠢᠲᠡᠢ ᠥᠷᠨᠢᠵᠦ ᠪᠤᠢ ᠢᠢ ᠲᠠᠯ᠎ᠠ ᠨᠤᠭᠤᠳ ᠰᠠᠢᠢᠰᠢᠶᠠᠯ᠎ᠠ᠃