Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊᠂ ᠬᠦᠷᠡᠯᠰᠦ᠋ᠬᠡ ᠢᠢ ᠪᠦᠭᠦᠳᠡ ᠨᠠᠢᠢᠷᠠᠮᠳᠠᠬᠤ ᠬᠠᠰᠠᠭ ᠤᠯᠤᠰ ᠤᠨ ᠶᠡᠷᠦᠩᠬᠡᠢᠢᠯᠡᠭᠴᠢ ᠻᠠ᠊᠂ ᠲᠣᠻᠠᠶᠸᠸ ᠤᠭᠲᠤᠵᠤ ᠠᠪᠤᠯ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠱᠠᠩᠬᠠᠢ ᠢᠢᠨ ᠬᠠᠮᠲᠤ ᠢᠢᠨ ᠠᠵᠢᠯᠯᠠᠭᠠᠨ ᠤ ᠪᠠᠢᠢᠭᠤᠯᠤᠯᠭ᠎ᠠ ᠢᠢᠨ ᠭᠡᠰᠢᠭᠦᠨ ᠣᠷᠣᠨ ᠨᠤᠭᠤᠳ ᠤᠨ ᠲᠥᠷᠥ ᠢᠢᠨ ᠲᠡᠷᠢᠭᠦᠨ ᠨᠤᠭᠥᠳ ᠤᠨ ᠵᠥᠪᠯᠡᠯ ᠦᠨ ᠥᠷᠭᠡᠳᠬᠡᠭ᠍ᠰᠡᠨ ᠬᠤᠷᠠᠯᠳᠤᠭᠠᠨ ᠳᠤ ᠣᠷᠣᠯᠴᠠᠬᠤ ᠪᠠᠷ ᠠᠰᠲ᠋ᠠᠨ᠎ᠠ ᠬᠣᠲᠠ ᠢᠢᠨ 《ᠲᠤᠰᠠᠭᠠᠷ ᠲᠣᠭᠲᠠᠨᠢᠯ ᠤᠨ ᠣᠷᠳᠣᠨ》 ᠍ ᠳᠥ ᠬᠦᠷᠦᠯᠴᠡᠨ ᠢᠷᠡᠯ᠎ᠡ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢ 2023-2024 ᠣᠨ ᠳᠤ ᠱᠠᠩᠬᠠᠢ ᠢᠢᠨ ᠬᠠᠮᠲᠤ ᠢᠢᠨ ᠠᠵᠢᠯᠯᠠᠭᠠᠨ ᠤ ᠪᠠᠢᠢᠭᠤᠯᠤᠯᠭ᠎ᠠ ᠢᠢ ᠳᠠᠷᠤᠭᠠᠯᠠᠵᠤ ᠪᠠᠢᠢᠭ᠎ᠠ ᠪᠦᠭᠦᠳᠡ ᠨᠠᠢᠢᠷᠠᠮᠳᠠᠬᠤ ᠬᠠᠰᠠᠭ ᠤᠯᠤᠰ ᠤᠨ ᠶᠡᠷᠦᠩᠬᠡᠢᠢᠯᠡᠭᠴᠢ ᠻᠠ᠊᠂ ᠲᠣᠻᠠᠶᠸᠸ ᠠᠯᠪᠠᠨ ᠶᠣᠰᠣᠭᠠᠷ ᠤᠭᠲᠤᠵᠤ ᠠᠪᠤᠯ᠎ᠠ᠃

ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠥᠨᠥᠳᠥᠷ ᠱᠠᠩᠬᠠᠢ ᠢᠢᠨ ᠬᠠᠮᠲᠤ ᠢᠢᠨ ᠠᠵᠢᠯᠯᠠᠭᠠᠨ ᠤ ᠪᠠᠢᠢᠭᠤᠯᠤᠯᠭ᠎ᠠ ᠢᠢᠨ ᠭᠡᠰᠢᠭᠦᠨ ᠣᠷᠣᠨ ᠨᠤᠭᠤᠳ ᠤᠨ ᠲᠥᠷᠥ ᠢᠢᠨ ᠲᠡᠷᠢᠭᠦᠨ ᠨᠤᠭᠥᠳ ᠤᠨ ᠵᠥᠪᠯᠡᠯ ᠦᠨ ᠥᠷᠭᠡᠳᠬᠡᠭ᠍ᠰᠡᠨ ᠬᠤᠷᠠᠯᠳᠤᠭᠠᠨ ᠳᠤ ᠤᠯᠤᠰ ᠤᠨ ᠢᠶᠠᠨ ᠪᠠᠢᠢᠷᠢ ᠰᠠᠭᠤᠷᠢ ᠢᠢ ᠢᠯᠡᠷᠬᠡᠢᠢᠯᠡᠵᠦ᠂ ᠦᠭᠡ ᠬᠡᠯᠡᠨ᠎ᠡ᠃

ᠮᠥᠨ ᠪᠦᠭᠦᠳᠡ ᠨᠠᠢᠢᠷᠠᠮᠳᠠᠬᠤ ᠬᠠᠰᠠᠭ ᠤᠯᠤᠰ ᠤᠨ ᠶᠡᠷᠦᠩᠬᠡᠢᠢᠯᠡᠭᠴᠢ ᠻᠠ᠊᠂ ᠲᠣᠻᠠᠶᠸᠸ  ᠲᠠᠢ ᠠᠭᠤᠯᠵᠠᠵᠤ᠂ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠪᠣᠯᠤᠨ ᠬᠠᠷᠢᠯᠴᠠᠨ ᠰᠣᠨᠢᠷᠬᠠᠭᠰᠠᠨ ᠪᠤᠰᠤᠳ ᠠᠰᠠᠭᠤᠳᠠᠯ ᠢᠶᠠᠷ ᠰᠠᠨᠠᠯ ᠰᠣᠯᠢᠯᠴᠠᠨ᠎ᠠ᠃

ᠡᠨᠡ ᠤᠳᠠᠭ᠎ᠠ ᠢᠢᠨ ᠥᠷᠭᠡᠳᠬᠡᠭ᠍ᠰᠡᠨ ᠬᠤᠷᠠᠯᠳᠤᠭᠠᠨ ᠳᠤ ᠬᠢᠲᠠᠳ᠂ ᠣᠷᠣᠰ᠂ ᠦᠽᠪᠧᠻᠢᠰᠲ᠋ᠠᠨ᠂ ᠬᠢᠷᠭᠢᠰ᠂ ᠠᠽᠧᠷᠪᠠᠢᠢᠵᠠᠨ᠂ ᠲᠠᠵᠢᠭ᠂ ᠪᠸᠯᠠᠷᠥ᠋ᠰ᠂ ᠲᠦᠷᠥᠭ ᠵᠡᠷᠭᠡ 16 ᠣᠷᠣᠨ ᠤ ᠲᠥᠷᠥ᠂ ᠵᠠᠰᠠᠭ ᠤᠨ ᠲᠡᠷᠢᠭᠦᠨ᠂ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠢᠢᠨ ᠶᠡᠷᠦᠩᠬᠡᠢ ᠨᠠᠷᠢᠨ ᠪᠢᠴᠢᠭ᠌ ᠦᠨ ᠳᠠᠷᠤᠭ᠎ᠠ ᠪᠣᠯᠤᠨ ᠪᠤᠰᠤᠳ ᠥᠨᠳᠥᠷ ᠠᠯᠪᠠᠨ ᠲᠤᠰᠢᠶᠠᠯᠲᠠᠨ ᠣᠷᠣᠯᠴᠠᠵᠤ ᠪᠠᠢᠢᠨ᠎ᠠ᠃

ᠱᠠᠩᠬᠠᠢ ᠢᠢᠨ ᠬᠠᠮᠲᠤ ᠢᠢᠨ ᠠᠵᠢᠯᠯᠠᠭᠠᠨ ᠤ ᠪᠠᠢᠢᠭᠤᠯᠤᠯᠭ᠎ᠠ ᠨᠢ ᠭᠡᠰᠢᠭᠦᠨ 10 /ᠬᠠᠰᠠᠭ᠂ ᠬᠢᠷᠭᠢᠰ᠂ ᠣᠷᠣᠰ᠂ ᠫᠠᠻᠢᠰ᠋ᠲᠠᠨ᠂ ᠲᠠᠵᠢᠭ᠂ ᠦᠽᠪᠧᠻᠢᠰᠲ᠋ᠠᠨ᠂ ᠬᠢᠲᠠᠳ᠂ ᠡᠨᠡᠳᠬᠡᠭ᠌᠂ ᠢᠷᠡᠨ᠂ ᠪᠧᠯᠠᠷᠥ᠋ᠰ/᠂ ᠠᠵᠢᠭᠯᠠᠭᠴᠢ 2 /ᠠᠹᠭᠠᠨᠨᠢᠰᠲ᠋ᠠᠨ᠂ ᠮᠣᠩ᠋ᠭᠣᠯ/᠂ ᠶᠠᠷᠢᠶ᠎ᠠ ᠬᠡᠯᠡᠯᠴᠡᠭᠡᠨ ᠦ ᠲᠦᠩᠰᠢ 13 /ᠠᠽᠧᠷᠪᠠᠢᠢᠵᠠᠨ᠂ ᠠᠷᠮᠧᠨᠢᠶ ᠠ᠂ ᠶᠸᠭᠢᠫᠧᠲ᠂ ᠪᠠᠯᠪᠠ᠂ ᠰᠷᠢ ᠯᠠᠨ᠋ᠻᠠ᠂ ᠻᠠᠮᠪᠤᠵᠢ ᠠ᠂ ᠮᠶᠠᠨ᠋ᠮᠠᠷ᠂ ᠻᠠᠲ᠋ᠠᠷ᠂ ᠰᠠᠥ᠋ᠳᠢ ᠠᠷᠠᠪ᠂ ᠻᠦᠸᠠᠢᠢᠲ᠂ ᠠᠷᠠᠪ ᠤᠨ ᠨᠢᠭᠡᠳᠦᠭᠰᠡᠨ ᠧᠮᠢᠷᠠᠲᠸ ᠤᠯᠤᠰ᠂ ᠲᠦᠷᠥᠭ᠂ ᠮᠠᠯᠳᠢᠸ/᠂ ᠨᠡᠢᠢᠲᠡ 25 ᠤᠯᠤᠰ ᠢ ᠬᠠᠮᠤᠷᠳᠠᠭ ᠶᠤᠮ᠃