Та "Internet explorer"-ийн сүүлийн хувилбар болох "Microsoft edge"-г ашиглана уу

Хэрэв "Microsoft edge"-г татах бол энд дарж татаж авна уу

ᠪᠥᠲ᠋ᠠᠨ ᠤ ᠴᠣᠭ ᠵᠢᠪᠬᠤᠯᠠᠩᠲᠤ ᠬᠠᠭᠠᠨ ᠵᠢᠭᠮᠢ ᠭᠡᠰᠡᠷ ᠨᠠᠮᠵᠠᠯ ᠸᠠᠩᠴᠥ᠋ᠻ ᠮᠣᠩᠭᠣᠯ ᠤᠯᠤᠰ ᠲᠤ ᠬᠦᠷᠦᠯᠴᠡᠨ ᠢᠷᠡᠯ᠎ᠡ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠢᠢᠨ ᠤᠷᠢᠯᠭ᠎ᠠ ᠪᠠᠷ ᠪᠥᠲ᠋ᠠᠨ ᠤ ᠬᠠᠭᠠᠨᠲᠤ ᠤᠯᠤᠰ ᠤᠨ ᠴᠣᠭ ᠵᠢᠪᠬᠤᠯᠠᠩᠲᠤ ᠬᠠᠭᠠᠨ ᠵᠢᠭᠮᠢ ᠭᠡᠰᠡᠷ ᠨᠠᠮᠵᠠᠯ ᠸᠠᠩᠴᠥ᠋ᠻ 2024 ᠣᠨ ᠤ 07 ᠳ᠋ᠤᠭᠠᠷ ᠰᠠᠷ᠎ᠠ ᠢᠢᠨ 08-15 ᠍ ᠤ ᠡᠳᠦᠷ ᠦᠳ ᠲᠥ ᠮᠣᠩ᠋ᠭᠣᠯ ᠤᠯᠤᠰ ᠲᠤ ᠲᠥᠷᠥ ᠢᠢᠨ ᠠᠢᠢᠯᠴᠢᠯᠠᠯ ᠬᠢᠬᠦ ᠪᠡᠷ ᠬᠦᠷᠦᠯᠴᠡᠨ ᠢᠷᠡᠯ᠎ᠡ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ᠂ ᠪᠥᠲ᠋ᠠᠨ ᠤ ᠬᠠᠭᠠᠨᠲᠤ ᠤᠯᠤᠰ ᠤᠨ ᠴᠣᠭ ᠵᠢᠪᠬᠤᠯᠠᠩᠲᠤ ᠬᠠᠭᠠᠨ ᠵᠢᠭᠮᠢ ᠭᠡᠰᠡᠷ ᠨᠠᠮᠵᠠᠯ ᠸᠠᠩᠴᠥ᠋ᠻ ᠨᠠᠷ ᠠᠯᠪᠠᠨ ᠶᠣᠰᠣᠨ ᠤ ᠠᠭᠤᠯᠵᠠᠯᠲᠠ ᠬᠢᠵᠦ᠂ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠦᠨ ᠬᠥᠭ᠍ᠵᠢᠭᠦᠯᠬᠦ ᠪᠣᠯᠤᠨ ᠣᠯᠠᠨ ᠤᠯᠤᠰ᠂ ᠪᠥᠰᠡ ᠨᠤᠲᠤᠭ ᠤᠨ ᠲᠠᠪᠴᠠᠩ ᠳᠠᠬᠢ ᠬᠠᠮᠲᠤ ᠢᠢᠨ ᠠᠵᠢᠯᠯᠠᠭᠠᠨ ᠤ ᠠᠰᠠᠭᠤᠳᠠᠯ ᠢᠶᠠᠷ ᠰᠠᠨᠠᠯ ᠰᠣᠯᠢᠯᠴᠠᠨ᠎ᠠ᠃

ᠮᠥᠨ ᠲᠠᠯ ᠠ ᠨᠤᠭᠤᠳ ᠬᠣᠶᠠᠷ ᠲᠠᠯ᠎ᠠ ᠢᠢᠨ ᠬᠠᠷᠢᠯᠴᠠᠭᠠᠨ ᠤ ᠡᠷᠬᠡ ᠵᠦᠢ ᠢᠢᠨ ᠦᠨᠳᠦᠰᠦ ᠢᠢ ᠪᠡᠬᠢᠵᠢᠭᠦᠯᠬᠦ ᠪᠠᠷᠢᠮᠲᠠ ᠪᠢᠴᠢᠭ᠌ ᠦᠳ ᠲᠥ ᠭᠠᠷ ᠤᠨ ᠦᠰᠦᠭ ᠵᠢᠷᠤᠬᠤ ᠪᠠᠷ ᠲᠥᠯᠥᠪᠯᠡᠵᠦ ᠪᠠᠢᠢᠨ᠎ᠠ᠃

ᠴᠣᠭ ᠵᠢᠪᠬᠤᠯᠠᠩᠲᠤ ᠬᠠᠭᠠᠨ ᠵᠢᠭᠮᠢ ᠭᠡᠰᠡᠷ ᠨᠠᠮᠵᠠᠯ ᠸᠠᠩᠴᠥ᠋ᠻ ᠭᠡᠷ ᠪᠦᠯᠢ ᠢᠢᠨ ᠬᠠᠮᠲᠤ ᠦᠨᠳᠦᠰᠦᠨ ᠦ ᠶᠡᠬᠡ ᠪᠠᠶᠠᠷ ᠨᠠᠭᠠᠳᠤᠮ ᠤᠨ ᠨᠡᠭᠡᠭᠡᠯᠲᠡ ᠪᠣᠯᠤᠨ ᠪᠤᠰᠤᠳ ᠶᠣᠰᠣᠯᠠᠯ ᠳᠤ ᠬᠦᠨᠳᠦᠲᠦ ᠵᠣᠴᠢᠨ ᠢᠶᠠᠷ ᠣᠷᠣᠯᠴᠠᠨ᠎ᠠ᠃

ᠡᠨᠡ ᠠᠢᠢᠯᠴᠢᠯᠠᠯ ᠨᠢ ᠬᠣᠶᠠᠷ ᠤᠯᠤᠰ 2012 ᠣᠨ ᠤ 01 ᠳ᠋ᠤᠭᠡᠷ ᠰᠠᠷ᠎ᠠ ᠳᠤ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠠᠴᠠ ᠬᠣᠢᠢᠰᠢ ᠪᠥᠲ᠋ᠠᠨ ᠤ ᠬᠠᠭᠠᠨᠲᠤ ᠤᠯᠤᠰ ᠤᠨ ᠴᠣᠭ ᠵᠢᠪᠬᠤᠯᠠᠩᠲᠤ ᠬᠠᠭᠠᠨ ᠤ ᠮᠣᠩ᠋ᠭᠣᠯ ᠤᠯᠤᠰ ᠲᠤ ᠬᠢᠵᠦ ᠪᠤᠢ ᠠᠩᠬᠠᠨ ᠤ ᠲᠥᠷᠥ ᠢᠢᠨ ᠠᠢᠢᠯᠴᠢᠯᠠᠯ ᠶᠤᠮ᠃