Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤ᠊᠂ ᠬᠦᠷᠡᠯᠰᠦ᠋ᠬᠡ᠂ ᠪᠥᠲ᠋ᠠᠨ ᠤ ᠬᠠᠭᠠᠨᠲᠤ ᠤᠯᠤᠰ ᠤᠨ ᠴᠣᠭ ᠵᠢᠪᠬᠤᠯᠠᠩᠲᠤ ᠬᠠᠭᠠᠨ ᠵᠢᠭᠮᠢ ᠭᠡᠰᠡᠷ ᠨᠠᠮᠵᠠᠯ ᠸᠠᠩᠴᠥ᠋ᠻ ᠨᠠᠷ ᠠᠯᠪᠠᠨ ᠶᠣᠰᠣᠨ ᠤ ᠠᠭᠤᠯᠵᠠᠯᠲᠠ ᠬᠢᠯ᠎ᠡ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ᠂ ᠪᠥᠲ᠋ᠠᠨ ᠤ ᠬᠠᠭᠠᠨᠲᠤ ᠤᠯᠤᠰ ᠤᠨ ᠴᠣᠭ ᠵᠢᠪᠬᠤᠯᠠᠩᠲᠤ ᠬᠠᠭᠠᠨ ᠵᠢᠭᠮᠢ ᠭᠡᠰᠡᠷ ᠨᠠᠮᠵᠠᠯ ᠸᠠᠩᠴᠥ᠋ᠻ ᠨᠠᠷ 2024 ᠣᠨ ᠤ 07 ᠳ᠋ᠤᠭᠠᠷ ᠰᠠᠷ᠎ᠠ ᠢᠢᠨ 09 ᠍ ᠦ ᠡᠳᠦᠷ ᠲᠥᠷᠥ ᠢᠢᠨ ᠣᠷᠳᠣᠨ ᠳᠤ ᠠᠯᠪᠠᠨ ᠶᠣᠰᠣᠨ ᠤ ᠠᠭᠤᠯᠵᠠᠯᠲᠠ ᠬᠢᠯ᠎ᠡ᠃

ᠠᠭᠤᠯᠵᠠᠯᠲᠠ ᠢᠢᠨ ᠡᠬᠢᠨ ᠳᠥ ᠶᠡᠷᠦᠩᠬᠡᠢᠢᠯᠡᠭᠴᠢ ᠤ᠊᠂ ᠬᠦᠷᠡᠯᠰᠦ᠋ᠬᠡ ᠪᠥᠲ᠋ᠠᠨ ᠤ ᠬᠠᠭᠠᠨᠲᠤ ᠤᠯᠤᠰ ᠤᠨ ᠴᠣᠭ ᠵᠢᠪᠬᠤᠯᠠᠩᠲᠤ ᠬᠠᠭᠠᠨ ᠤ ᠠᠩᠬᠠᠨ ᠤ ᠲᠥᠷᠥ ᠢᠢᠨ ᠠᠢᠢᠯᠴᠢᠯᠠᠯ ᠨᠢ ᠥᠪ ᠰᠤᠶᠤᠯ᠂ ᠡ᠊ᠩᠬᠡ ᠲᠠᠢᠢᠪᠤᠩ᠂ ᠬᠥᠭ᠍ᠵᠢᠯ ᠴᠡᠴᠡᠭᠯᠡᠯᠲᠡ ᠢᠢᠨ ᠲᠥᠯᠦᠭᠡᠬᠢ ᠨᠡᠢᠢᠲᠡᠯᠢᠭ ᠦᠨᠡᠲᠦ ᠵᠦᠢᠯᠡᠰ ᠲᠥ ᠲᠤᠯᠭᠠᠭᠤᠷᠢᠯᠠᠭᠰᠠᠨ ᠨᠠᠢᠢᠷᠰᠠᠭ ᠬᠠᠷᠢᠯᠴᠠᠭ᠎ᠠ ᠢᠢ ᠥᠷᠭᠡᠵᠢᠭᠦᠯᠦᠨ ᠬᠥᠭ᠍ᠵᠢᠭᠦᠯᠬᠦ᠂ ᠠᠷᠠᠳ ᠲᠦᠮᠡᠨ ᠦ ᠨᠠᠢᠢᠷᠠᠮᠳᠠᠯ᠂ ᠨᠥᠬᠥᠷᠯᠡᠯ ᠢ ᠪᠠᠲᠤᠳᠬᠠᠬᠤ ᠳᠤ ᠴᠢᠬᠤᠯᠠ ᠲᠦᠯᠬᠢᠴᠡ ᠥᠭ᠍ᠭᠦᠨ᠎ᠡ ᠭᠡᠳᠡᠭ ᠲᠥ ᠢᠲᠡᠭᠡᠯ ᠲᠡᠢ ᠪᠤᠢ ᠪᠠᠨ ᠢᠯᠡᠷᠬᠡᠢᠢᠯᠡᠯ᠎ᠡ᠃

ᠪᠥᠲ᠋ᠠᠨ ᠤ ᠬᠠᠭᠠᠨᠲᠤ ᠤᠯᠤᠰ ᠤᠨ ᠴᠣᠭ ᠵᠢᠪᠬᠤᠯᠠᠩᠲᠤ ᠬᠠᠭᠠᠨ ᠵᠢᠭᠮᠢ ᠭᠡᠰᠡᠷ ᠨᠠᠮᠵᠠᠯ ᠸᠠᠩᠴᠥ᠋ᠻ ᠬᠠᠭᠠᠨ ᠤ ᠭᠡᠷ ᠪᠦᠯᠢ ᠪᠣᠯᠤᠨ ᠪᠥᠲ᠋ᠠᠨ ᠤ ᠲᠥᠯᠥᠭᠡᠯᠡᠭᠴᠢᠳ ᠢ ᠡᠯᠢᠭᠡᠰᠡᠭ᠂ ᠬᠠᠯᠠᠭᠤᠨ ᠳᠣᠲᠣᠨᠣ ᠪᠠᠷ ᠬᠦᠯᠢᠶᠡᠨ ᠠᠪᠴᠤ ᠪᠤᠢ ᠮᠣᠩ᠋ᠭᠣᠯ ᠤᠯᠤᠰ ᠤᠨ ᠲᠥᠷᠥ᠂ ᠵᠠᠰᠠᠭ᠂ ᠠᠷᠠᠳ ᠲᠦᠮᠡᠨ ᠳᠥ ᠴᠢᠨ ᠰᠡᠳᠬᠢᠯ ᠦᠨ ᠲᠠᠯᠠᠷᠬᠠᠯ ᠢᠯᠡᠷᠬᠡᠢᠢᠯᠡᠯ᠎ᠡ᠃

ᠲᠡᠷᠡ ᠪᠡᠷ 2012 ᠣᠨ ᠳᠤ ᠳ᠋ᠢᠫᠯᠣᠮᠠᠲ ᠬᠠᠷᠢᠯᠴᠠᠭ᠎ᠠ ᠲᠣᠭᠲᠠᠭᠠᠭᠰᠠᠨ ᠠᠴᠠ ᠬᠣᠢᠢᠰᠢ ᠬᠣᠶᠠᠷ ᠤᠯᠤᠰ ᠤᠨ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠲᠣᠭᠲᠠᠪᠤᠷᠢᠲᠠᠢ ᠬᠥᠭ᠍ᠵᠢᠵᠦ᠂ ᠤᠯᠤᠰ ᠲᠥᠷᠥ ᠢᠢᠨ ᠶᠠᠷᠢᠶ᠎ᠠ ᠬᠡᠯᠡᠯᠴᠡᠭᠡ ᠢᠳᠡᠪᠬᠢᠵᠢᠵᠦ ᠪᠤᠢ ᠢᠢ ᠥᠨᠳᠥᠷ ᠢᠶᠡᠷ ᠦᠨᠡᠯᠡᠯ᠎ᠡ᠃

ᠪᠥᠲ᠋ᠠᠨ ᠤ ᠬᠠᠭᠠᠨᠲᠤ ᠤᠯᠤᠰ ᠤᠨ ᠴᠣᠭ ᠵᠢᠪᠬᠤᠯᠠᠩᠲᠤ ᠬᠠᠭᠠᠨ ᠤ ᠮᠣᠩ᠋ᠭᠣᠯ ᠤᠯᠤᠰ ᠲᠤ ᠬᠢᠵᠦ ᠪᠤᠢ ᠲᠥᠷᠥ ᠢᠢᠨ ᠠᠢᠢᠯᠴᠢᠯᠠᠯ ᠨᠢ ᠬᠠᠷᠢᠯᠴᠠᠭ᠎ᠠ᠂ ᠬᠠᠮᠲᠤ ᠢᠢᠨ ᠠᠵᠢᠯᠯᠠᠭᠠᠨ ᠤ ᠬᠡᠲᠦ ᠢᠢᠨ ᠲᠥᠯᠥᠪ᠂ ᠴᠢᠭᠯᠡᠯ ᠢ ᠲᠣᠳᠣᠷᠬᠠᠢᠢᠯᠠᠬᠤ ᠳᠤ ᠴᠢᠬᠤᠯᠠ ᠠᠴᠢ ᠬᠣᠯᠪᠣᠭᠳᠠᠯ ᠲᠠᠢ ᠭᠡᠳᠡᠭ ᠲᠥ ᠲᠠᠯ᠎ᠠ ᠨᠤᠭᠤᠳ ᠰᠠᠨᠠᠯ ᠨᠢᠭᠡᠳᠦᠯ᠎ᠡ᠃

ᠬᠣᠶᠠᠷ ᠤᠯᠤᠰ ᠭᠠᠵᠠᠷ ᠵᠦᠢ ᠢᠢᠨ ᠪᠠᠢᠢᠷᠢᠰᠢᠯ ᠤᠨ ᠬᠤᠪᠢ ᠳᠤ ᠠᠯᠤᠰᠯᠠᠭᠳᠠᠮᠠᠯ ᠬᠡᠳᠦᠢ ᠴᠤ ᠲᠡᠦᠬᠡ᠂ ᠱᠠᠰᠢᠨ᠂ ᠰᠤᠶᠤᠯ ᠤᠨ ᠪᠡᠶᠡᠲᠦ ᠪᠤᠰᠤ ᠥᠪ ᠦᠨ ᠭᠦᠨᠵᠡᠭᠡᠢ ᠬᠡᠯᠬᠢᠶ᠎ᠡ ᠬᠣᠯᠪᠣᠭᠠᠲᠠᠢ ᠢᠢ ᠣᠨᠴᠠᠯᠠᠵᠤ᠂ ᠡᠨᠡ ᠤᠳᠠᠭ᠎ᠠ ᠢᠢᠨ ᠲᠥᠷᠥ ᠢᠢᠨ ᠠᠢᠢᠯᠴᠢᠯᠠᠯ ᠥᠩ᠋ᠭᠡᠷᠡᠭᠰᠡᠨ ᠬᠤᠭᠤᠴᠠᠭᠠᠨ ᠳᠤ ᠬᠦᠷᠦᠭᠰᠡᠨ ᠣᠯᠤᠯᠲᠠ ᠠᠮᠵᠢᠯᠲᠠ ᠪᠠᠨ ᠠᠬᠢᠭᠤᠯᠤᠨ᠂ ᠬᠠᠷᠢᠯᠴᠠᠭᠠᠨ ᠤ ᠲᠡᠦᠬᠡᠨ ᠰᠢᠨ᠎ᠡ ᠬᠠᠭᠤᠳᠠᠰᠤ ᠨᠡᠭᠡᠭᠡᠨ᠎ᠡ ᠭᠡᠳᠡᠭ ᠲᠥ ᠢᠲᠡᠭᠡᠯ ᠲᠡᠢ ᠪᠠᠢᠢᠭ᠎ᠠ ᠪᠠᠨ ᠲᠡᠮᠳᠡᠭᠯᠡᠪᠡ᠃

ᠳᠠᠯᠠᠢ ᠳᠤ ᠭᠠᠷᠴᠠ ᠦᠭᠡᠢ ᠬᠥᠭ᠍ᠵᠢᠵᠦ ᠪᠤᠢ ᠣᠷᠣᠨ ᠨᠤᠭᠤᠳ ᠤᠨ ᠬᠤᠪᠢ ᠳᠤ ᠡᠨᠡ ᠰᠤᠯᠠ ᠲᠠᠯ᠎ᠠ ᠪᠠᠨ ᠳᠠᠪᠠᠭᠤ ᠲᠠᠯ᠎ᠠ ᠪᠣᠯᠭᠠᠨ᠂ ᠨᠢᠭᠡᠳᠦᠮᠡᠯ ᠪᠠᠢᠢᠳᠠᠯ᠂ ᠬᠠᠷᠢᠯᠴᠠᠨ ᠣᠢᠢᠯᠠᠭᠠᠯᠴᠠᠯ᠂ ᠲᠦᠩᠰᠢᠯᠡᠯ ᠦᠨ ᠬᠠᠮᠲᠤ ᠢᠢᠨ ᠠᠵᠢᠯᠯᠠᠭ᠎ᠠ ᠪᠠᠨ ᠬᠥᠭ᠍ᠵᠢᠭᠦᠯᠦᠨ᠂ ᠨᠡᠢᠢᠭᠡᠮ᠂ ᠡᠳ᠋ ᠦᠨ ᠵᠠᠰᠠᠭ ᠤᠨ ᠨᠡᠢᠢᠲᠡᠯᠢᠭ ᠰᠣᠷᠢᠯᠲᠠ᠂ ᠪᠡᠷᠬᠡᠰᠢᠶᠡᠯ ᠢ ᠳᠠᠪᠠᠨ ᠲᠤᠭᠤᠯᠵᠤ᠂ ᠲᠣᠭᠲᠠᠪᠤᠷᠢᠲᠠᠢ ᠬᠥᠭ᠍ᠵᠢᠯ ᠢ ᠴᠣᠭᠴᠠᠯᠠᠭᠠᠬᠤ ᠴᠢᠭᠯᠡᠯ ᠳᠥ ᠬᠠᠮᠲᠤᠷᠠᠨ ᠠᠵᠢᠯᠯᠠᠬᠤ ᠢᠢᠨ ᠲᠥᠯᠥᠭᠡ ᠭᠡᠳᠡᠭ ᠢᠶᠡᠨ ᠨᠣᠲᠠᠯᠠᠯ᠎ᠠ᠃

ᠲᠡᠭᠦᠨᠴᠢᠯᠡᠨ ᠳᠠᠯᠠᠢ ᠳᠤ ᠭᠠᠷᠴᠠ ᠦᠭᠡᠢ ᠬᠥᠭ᠍ᠵᠢᠵᠦ ᠪᠠᠢᠢᠭ᠎ᠠ ᠣᠷᠣᠨ ᠨᠤᠭᠤᠳ ᠤᠨ ᠣᠯᠠᠨ ᠤᠯᠤᠰ ᠤᠨ ᠰᠤᠳᠤᠯᠭᠠᠨ ᠤ ᠲᠥᠪ ᠦᠨ ᠦᠢᠯᠡ ᠠᠵᠢᠯᠯᠠᠭ᠎ᠠ ᠢᠢ ᠳᠡᠮᠵᠢᠵᠦ᠂ ᠳᠠᠯᠠᠢ ᠳᠤ ᠭᠠᠷᠴᠠ ᠦᠭᠡᠢ ᠬᠥᠭ᠍ᠵᠢᠵᠦ ᠪᠤᠢ ᠣᠷᠣᠨ ᠨᠤᠭᠤᠳ ᠤᠨ ᠬᠥᠭ᠍ᠵᠢᠯ ᠦᠨ ᠪᠣᠳᠣᠯᠭ᠎ᠠ ᠪᠣᠯᠪᠠᠰᠤᠷᠠᠭᠤᠯᠬᠤ ᠦᠢᠯᠡᠰ ᠦᠨ ᠲᠥᠯᠥᠭᠡ ᠬᠠᠮᠲᠤᠷᠠᠨ ᠠᠵᠢᠯᠯᠠᠬᠤ ᠪᠠᠷ ᠲᠣᠭᠲᠠᠯ᠎ᠠ᠃

ᠡᠨᠡ ᠤᠳᠠᠭ᠎ᠠ ᠢᠢᠨ ᠠᠢᠢᠯᠴᠢᠯᠠᠯ ᠤᠨ ᠳ᠋ᠥᠩ ᠢᠢᠡᠷ ᠭᠠᠷᠭᠠᠭᠰᠠᠨ ᠬᠠᠮᠲᠤᠷᠠᠭᠰᠠᠨ ᠮᠡᠳᠡᠭᠳᠡᠯ ᠨᠢ ᠤᠯᠤᠰ ᠲᠥᠷᠥ᠂ ᠡᠳ᠋ ᠦᠨ ᠵᠠᠰᠠᠭ᠂ ᠪᠣᠯᠪᠠᠰᠤᠷᠠᠯ᠂ ᠰᠤᠶᠤᠯ᠂ ᠡᠷᠡᠭᠦᠯ ᠮᠡᠨᠳᠦ᠂ ᠰᠢᠨᠵᠢᠯᠡᠬᠦ ᠤᠬᠠᠭᠠᠨ᠂ ᠬᠥᠳᠡᠭᠡ ᠠᠵᠤ ᠠᠬᠤᠢ᠂ ᠮᠠᠯ ᠠᠵᠤ ᠠᠬᠤᠢ᠂ ᠪᠠᠢᠢᠭᠠᠯᠢ ᠣᠷᠴᠢᠨ᠂ ᠠᠶᠠᠯᠠᠯ ᠵᠢᠭᠤᠯᠴᠢᠯᠠᠯ᠂ ᠢᠷᠭᠡᠳ ᠦᠨ ᠰᠣᠯᠢᠯᠴᠠᠭ᠎ᠠ ᠵᠡᠷᠭᠡ ᠰᠠᠯᠪᠤᠷᠢ ᠢᠢ ᠬᠥᠭ᠍ᠵᠢᠭᠦᠯᠬᠦ ᠵᠠᠮ ᠤᠨ ᠵᠢᠷᠤᠭᠯᠠᠯ ᠨᠢ ᠪᠣᠯᠵᠤ᠂ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠬᠦ ᠳᠥ ᠪᠣᠳᠠᠲᠤ ᠬᠤᠪᠢ ᠨᠡᠮᠡᠷᠢ ᠣᠷᠣᠭᠤᠯᠤᠨ᠎ᠠ ᠭᠡᠳᠡᠭ ᠲᠥ ᠢᠲᠡᠭᠡᠯ ᠲᠡᠢ ᠪᠤᠢ ᠪᠠᠨ ᠢᠯᠡᠷᠬᠡᠢᠢᠯᠡᠯ᠎ᠡ᠃

ᠪᠣᠯᠪᠠᠰᠤᠷᠠᠯ᠂ ᠰᠤᠶᠤᠯ ᠤᠨ ᠰᠠᠯᠪᠤᠷᠢ ᠢᠢᠨ ᠬᠠᠮᠲᠤ ᠢᠢᠨ ᠠᠵᠢᠯᠯᠠᠭ᠎ᠠ ᠢᠢ ᠥᠷᠭᠡᠵᠢᠭᠦᠯᠬᠦ ᠠᠷᠪᠢᠨ ᠨᠥᠭᠡᠴᠡ ᠪᠣᠯᠤᠯᠴᠠᠭ᠎ᠠ ᠪᠠᠨ ᠠᠵᠢᠯ ᠬᠡᠷᠡᠭ ᠪᠣᠯᠭᠠᠵᠤ᠂ ᠣᠶᠤᠲᠠᠨ ᠵᠠᠯᠠᠭᠤᠰ ᠢᠶᠠᠨ ᠲᠡᠳᠬᠦᠯᠭᠡ ᠳᠥ ᠬᠥᠲᠥᠯᠪᠦᠷᠢ ᠳᠥ ᠬᠠᠷᠢᠯᠴᠠᠨ ᠬᠠᠮᠤᠷᠤᠭᠤᠯᠬᠤ ᠪᠠᠷ ᠰᠢᠢᠳᠪᠦᠷᠢᠯᠡᠯ᠎ᠡ᠃

ᠢᠷᠭᠡᠳ ᠬᠣᠭᠣᠷᠣᠨᠳᠣ ᠢᠢᠨ ᠰᠣᠯᠢᠯᠴᠠᠭ᠎ᠠ ᠢᠢ ᠥᠷᠭᠡᠵᠢᠭᠦᠯᠬᠦ ᠵᠣᠷᠢᠯᠭ᠎ᠠ ᠪᠠᠷ 《Go Mongolia》 ᠦᠨᠳᠦᠰᠦᠨ ᠦ ᠪᠷᠢᠨ᠋ᠳ᠋ ᠢ 《Bhutan Believe》 ᠦᠨᠳᠦᠰᠦᠨ ᠦ ᠪᠷᠢᠨ᠋ᠳ᠋ ᠲᠡᠢ ᠤᠶᠠᠯᠳᠤᠭᠤᠯᠬᠤ ᠪᠠᠷ ᠪᠣᠯᠪᠠ᠃

ᠲᠥᠷᠥ ᠢᠢᠨ ᠲᠡᠷᠢᠭᠦᠨ ᠨᠤᠭᠥᠳ ᠠᠭᠤᠷ ᠠᠮᠢᠰᠬᠤᠯ ᠤᠨ ᠥᠭᠡᠷᠡᠴᠢᠯᠡᠯᠲᠡ᠂ ᠴᠥᠯᠵᠢᠯᠲᠡ ᠲᠡᠢ ᠲᠡᠮᠡᠴᠡᠬᠦ᠂ ᠪᠠᠢᠢᠭᠠᠯᠢ ᠣᠷᠴᠢᠨ ᠢᠶᠠᠨ ᠬᠠᠮᠠᠭᠠᠯᠠᠬᠤ ᠳᠡᠯᠡᠬᠡᠢ ᠨᠡᠢᠢᠲᠡ ᠢᠢᠨ ᠬᠦᠴᠦ ᠴᠢᠷᠮᠠᠢᠢᠯᠲᠠ ᠳᠤ ᠬᠤᠪᠢ ᠨᠡᠮᠡᠷᠢ ᠪᠡᠨ ᠤᠷᠤᠭᠤᠯᠬᠤ ᠴᠢᠭᠯᠡᠯ ᠢᠶᠡᠷ ᠬᠠᠮᠲᠤᠷᠠᠵᠤ᠂ 《ᠲᠡᠷᠪᠤᠮ ᠮᠣᠳᠣ》 ᠦᠨᠳᠦᠰᠦᠨ ᠦ ᠬᠥᠳᠡᠯᠭᠡᠭᠡᠨ ᠪᠣᠯᠤᠨ ᠴᠣᠭ ᠵᠢᠪᠬᠤᠯᠠᠩᠲᠤ ᠬᠠᠭᠠᠨ ᠤ 《ᠵᠠᠭᠤᠨ ᠰᠠᠶ᠎ᠠ ᠵᠢᠮᠢᠰ ᠦᠨ ᠮᠣᠳᠣ》 ᠲᠠᠷᠢᠬᠤ ᠰᠠᠨᠠᠭᠠᠴᠢᠯᠠᠭ᠎ᠠ ᠢᠢᠨ ᠬᠦᠷᠢᠶᠡᠨ ᠳᠥ ᠬᠠᠮᠲᠤᠷᠠᠭᠰᠠᠨ ᠲᠥᠰᠥᠯ᠂ ᠬᠥᠲᠥᠯᠪᠦᠷᠢ ᠬᠡᠷᠡᠭᠵᠢᠭᠦᠯᠬᠦ ᠪᠣᠯᠤᠮᠵᠢ ᠢᠢ ᠡᠷᠢᠯᠬᠢᠯᠡᠬᠦ ᠪᠡᠷ ᠪᠣᠯᠤᠯ᠎ᠠ᠃

ᠬᠣᠶᠠᠷ ᠤᠯᠤᠰ ᠤᠨ ᠲᠥᠷᠥ ᠢᠢᠨ ᠲᠡᠷᠢᠭᠦᠨ ᠪᠥᠰᠡ ᠨᠤᠲᠤᠭ᠂ ᠣᠯᠠᠨ ᠤᠯᠤᠰ ᠤᠨ ᠲᠠᠪᠴᠠᠩ ᠳᠤ ᠪᠡᠶ᠎ᠡ ᠪᠡᠶ᠎ᠡ ᠪᠡᠨ ᠳᠡᠮᠵᠢᠵᠦ᠂ ᠢᠳᠡᠪᠬᠢᠲᠡᠢ ᠬᠠᠮᠲᠤᠷᠠᠨ ᠠᠵᠢᠯᠯᠠᠵᠤ ᠢᠷᠡᠭᠰᠡᠨ ᠢᠶᠡᠨ ᠪᠠᠲᠤᠳᠬᠠᠨ᠂ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠪᠣᠯᠤᠨ ᠣᠯᠠᠨ ᠤᠯᠤᠰ ᠤᠨ ᠪᠤᠰᠤᠳ ᠪᠠᠢᠢᠭᠤᠯᠤᠯᠭ᠎ᠠ ᠢᠢᠨ ᠬᠦᠷᠢᠶᠡᠨ ᠳᠥ ᠬᠠᠮᠲᠤ ᠢᠢᠨ ᠠᠵᠢᠯᠯᠠᠭ᠎ᠠ ᠢᠢ ᠤᠯᠠᠮ ᠭᠦᠨᠵᠡᠭᠡᠢᠢᠷᠡᠭᠦᠯᠬᠦ ᠢᠢᠨ ᠲᠥᠯᠥᠭᠡ ᠪᠤᠢ ᠪᠠᠨ ᠬᠠᠷᠢᠯᠴᠠᠨ ᠨᠣᠲᠠᠯᠠᠯ᠎ᠠ᠃

ᠠᠭᠤᠯᠵᠠᠯᠲᠠ ᠢᠢᠨ ᠳ᠋ᠥᠩ ᠢᠢᠡᠷ ᠮᠣᠩ᠋ᠭᠣᠯ ᠤᠯᠤᠰ᠂ ᠪᠥᠲ᠋ᠠᠨ ᠤ ᠬᠠᠭᠠᠨᠲᠤ ᠤᠯᠤᠰ ᠤᠨ ᠬᠠᠮᠲᠤᠷᠠᠭᠰᠠᠨ ᠮᠡᠳᠡᠭᠳᠡᠯ᠂ ᠮᠥᠨ ᠬᠣᠶᠠᠷ ᠤᠯᠤᠰ ᠤᠨ ᠬᠠᠷᠢᠯᠴᠠᠭᠠᠨ ᠤ ᠡᠷᠬᠡ ᠵᠦᠢ ᠢᠢᠨ ᠣᠷᠴᠢᠨ ᠢ ᠪᠡᠬᠢᠵᠢᠭᠦᠯᠬᠦ ᠳᠥ ᠴᠢᠭᠯᠡᠭᠰᠡᠨ ᠪᠠᠷᠢᠮᠲᠠ ᠪᠢᠴᠢᠭ᠌ ᠦᠳ ᠪᠠᠢᠢᠭᠤᠯᠤᠯ᠎ᠠ᠃