Та "Internet explorer"-ийн сүүлийн хувилбар болох "Microsoft edge"-г ашиглана уу

Хэрэв "Microsoft edge"-г татах бол энд дарж татаж авна уу

ᠮᠣᠩ᠋ᠭᠣᠯ᠂ ᠪᠥᠲ᠋ᠠᠨ ᠤ ᠬᠠᠷᠢᠯᠴᠠᠭ᠎ᠠ᠂ ᠬᠠᠮᠲᠤ ᠢᠢᠨ ᠠᠵᠢᠯᠯᠠᠭᠠᠨ ᠤ ᠪᠠᠷᠢᠮᠲᠠ ᠪᠢᠴᠢᠭ ᠦᠳ ᠲᠥ ᠭᠠᠷ ᠤᠨ ᠦᠰᠦᠭ ᠵᠢᠷᠤᠯ᠎ᠠ

ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠦ᠋ᠬᠡ ᠢᠢᠨ ᠤᠷᠢᠯᠭ᠎ᠠ ᠪᠠᠷ ᠬᠦᠷᠦᠯᠴᠡᠨ ᠢᠷᠡᠭᠰᠡᠨ ᠪᠥᠲ᠋ᠠᠨ ᠤ ᠬᠠᠭᠠᠨᠲᠤ ᠤᠯᠤᠰ ᠤᠨ ᠴᠣᠭ ᠵᠢᠪᠬᠤᠯᠠᠩᠲᠤ ᠬᠠᠭᠠᠨ ᠵᠢᠭᠮᠢ ᠭᠡᠰᠡᠷ ᠨᠠᠮᠵᠠᠯ ᠸᠠᠩᠴᠥ᠋ᠻ ᠦᠨ ᠲᠥᠷᠥ ᠢᠢᠨ ᠠᠢᠢᠯᠴᠢᠯᠠᠯ ᠦᠷᠭᠦᠯᠵᠢᠯᠡᠵᠦ ᠪᠠᠢᠢᠨ᠎ᠠ᠃

ᠠᠢᠢᠯᠴᠢᠯᠠᠯ ᠤᠨ ᠦᠶ᠎ᠡ ᠪᠡᠷ ᠲᠠᠯ᠎ᠠ ᠨᠤᠭᠤᠳ ᠬᠥᠳᠡᠭᠡ ᠠᠵᠤ ᠠᠬᠤᠢ᠂ ᠮᠠᠯ ᠠᠵᠤ ᠠᠬᠤᠢ᠂ ᠰᠤᠶᠤᠯ᠂ ᠪᠣᠯᠪᠠᠰᠤᠷᠠᠯ᠂ ᠡᠷᠡᠭᠦᠯ ᠮᠡᠨᠳᠦ᠂ ᠬᠡᠪᠯᠡᠯ᠂ ᠮᠡᠳᠡᠭᠡᠯᠡᠯ ᠦᠨ ᠰᠠᠯᠪᠤᠷᠢ ᠳᠤ ᠬᠠᠮᠲᠤ ᠢᠢᠨ ᠠᠵᠢᠯᠯᠠᠭ᠎ᠠ ᠢᠢ ᠬᠥᠭ᠍ᠵᠢᠭᠦᠯᠬᠦ ᠪᠠᠷᠢᠮᠲᠠ ᠪᠢᠴᠢᠭ᠌ ᠦᠳ ᠲᠥ ᠭᠠᠷ ᠤᠨ ᠦᠰᠦᠭ ᠵᠢᠷᠤᠯ᠎ᠠ᠃

ᠡᠭᠦᠨ ᠳᠥ᠄

《ᠥᠨᠳᠥᠷᠯᠢᠭ ᠭᠠᠵᠠᠷ ᠤᠨ ᠮᠠᠯ ᠠᠵᠤ ᠠᠬᠤᠢ᠂ ᠪᠡᠯᠴᠢᠭᠡᠷ ‍ᠥᠨ ᠬᠥᠭ᠍ᠵᠢᠯ ‍ᠥᠨ ᠴᠢᠭᠯᠡᠯ ᠢᠢᠡᠷ ᠬᠠᠮᠲᠤᠷᠠᠨ ᠠᠵᠢᠯᠯᠠᠬᠤ ᠲᠤᠬᠠᠢ ᠮᠤᠩᠭ᠋ᠤᠯ ᠤᠯᠤᠯᠰ ᠤᠨ ᠬᠥᠨᠡᠰᠥ᠂ ᠬᠥᠳᠡᠭᠡ ᠠᠵᠤ ᠠᠬᠤᠢ᠂ ᠬᠥᠩᠭᠡᠨ ᠥᠢᠯᠡᠳᠪᠥᠷᠢ ᠢᠢᠨ ᠶᠠᠮᠤᠨ᠂ ᠪᠥᠲ᠋ᠠᠨ ᠤ ᠬᠠᠭᠠᠨᠲᠤ ᠤᠯᠤᠰ ᠤᠨ ᠬᠥᠳᠡᠭᠡ ᠠᠵᠤ ᠠᠬᠤᠢ᠂ ᠮᠠᠯ ᠠᠵᠤ ᠠᠬᠤᠢ ᠢᠢᠨ ᠶᠠᠮᠤ ᠬᠤᠭᠤᠷᠤᠨᠳᠤ ᠢᠢᠨ ᠬᠠᠷᠢᠯᠴᠠᠨ ᠤᠢᠢᠯᠠᠭᠠᠯᠴᠠᠯ ᠤᠨ ᠰᠠᠨᠠᠮᠵᠢ ᠪᠢᠴᠢᠭ᠌》

ᠮᠠᠯ ᠤᠨ ᠤᠳᠤᠮ ᠤᠨ ᠰᠠᠩ ᠢ ᠰᠠᠢᠢᠵᠢᠷᠠᠭᠤᠯᠬᠤ᠂ ᠤᠭ ᠰᠠᠯᠪᠤᠷᠢ ᠳᠤ ᠳᠡᠪᠰᠢᠯᠲᠡᠲᠦ ᠲᠧᠭᠨᠣᠯᠣᠭᠢ ᠨᠡᠪᠲᠡᠷᠡᠭᠦᠯᠬᠦ᠂ ᠦᠷ᠎ᠡ ᠬᠥᠪᠦᠷᠡᠯ ᠦᠨ ᠰᠣᠯᠢᠯᠴᠠᠭ᠎ᠠ ᠬᠢᠬᠦ ᠵᠠᠮ ᠢᠶᠠᠷ ᠮᠠᠯ ᠤᠨ ᠦᠷ᠎ᠡ ᠰᠢᠮ᠎ᠡ ᠢᠢ ᠨᠡᠮᠡᠭᠳᠡᠭᠦᠯᠬᠦ ᠬᠠᠮᠲᠤ ᠢᠢᠨ ᠠᠵᠢᠯᠯᠠᠭ᠎ᠠ ᠢᠢ ᠬᠥᠭ᠍ᠵᠢᠭᠦᠯᠦᠨ᠎ᠡ᠃

ᠡᠨᠡ ᠬᠦᠷᠢᠶᠡᠨ ᠳᠥ ᠰᠠᠷᠯᠤᠭ᠂ ᠠᠳᠤᠭᠤ᠂ ᠬᠣᠨᠢᠨ ᠰᠦᠷᠦᠭ ᠦᠨ ᠤᠳᠤᠮ ᠤᠨ ᠰᠠᠩ ᠤᠨ ᠴᠢᠳᠠᠪᠬᠢ ᠢᠢ ᠨᠡᠮᠡᠭᠳᠡᠭᠦᠯᠬᠦ᠂ ᠮᠠᠯ ᠤᠨ ᠭᠠᠷᠤᠯ ᠲᠠᠢ ᠪᠦᠲᠦᠭᠡᠭ᠍ᠳᠡᠬᠦᠨ ᠢ ᠬᠥᠭ᠍ᠵᠢᠭᠦᠯᠬᠦ᠂ ᠰᠦ᠋ᠨ᠂ ᠰᠦᠨ ᠪᠦᠲᠦᠭᠡᠭ᠍ᠳᠡᠬᠦᠨ ᠦ ᠵᠠᠬ᠎ᠠ ᠵᠡᠭᠡᠯᠢ ᠢᠢᠨ ᠡᠷᠢᠯᠲᠡ ᠬᠡᠷᠡᠭᠴᠡᠭᠡᠨ ᠳᠥ ᠲᠤᠯᠭᠠᠭᠤᠷᠢᠯᠠᠨ ᠲᠥᠷᠦᠯᠵᠢᠭᠦᠯᠬᠦ ᠵᠠᠮ ᠢᠶᠠᠷ ᠡᠳ᠋ ᠦᠨ ᠵᠠᠰᠠᠭ ᠤᠨ ᠪᠣᠯᠤᠮᠵᠢ ᠢᠢ ᠨᠡᠮᠡᠭᠳᠡᠭᠦᠯᠬᠦ ᠴᠢᠭᠯᠡᠯ ᠢᠶᠡᠷ ᠬᠠᠮᠲᠤᠷᠠᠵᠤ ᠠᠵᠢᠯᠯᠠᠨ᠎ᠠ᠃ ᠮᠥᠨ ᠪᠡᠯᠴᠢᠭᠡᠷ ᠦᠨ ᠨᠥᠭᠡᠴᠡ ᠪᠣᠯᠤᠨ ᠡᠻᠣᠰᠢᠰᠲ᠋ᠧᠮ ᠢ ᠪᠦᠷᠢᠳᠦᠭᠦᠯᠬᠦ ᠵᠣᠷᠢᠯᠭ᠎ᠠ ᠪᠠᠷ ᠪᠡᠯᠴᠢᠭᠡᠷ ᠢ ᠰᠠᠢᠢᠵᠢᠷᠠᠭᠤᠯᠬᠤ᠂ ᠨᠥᠬᠥᠨ ᠰᠡᠷᠭᠦᠭᠡᠬᠦ ᠴᠢᠭᠯᠡᠯ ᠢᠶᠡᠷ ᠲᠤᠷᠰᠢᠯᠭ᠎ᠠ ᠰᠣᠯᠢᠯᠴᠠᠨ᠎ᠠ᠃

《ᠪᠤᠯᠪᠠᠰᠤᠷᠠᠯ ᠤᠨ ᠰᠠᠯᠪᠤᠷᠢ ᠳᠤ ᠬᠠᠮᠲᠤᠷᠠᠨ ᠠᠵᠢᠯᠯᠠᠬᠤ ᠲᠤᠬᠠᠢ ᠮᠣᠩ᠋ᠭᠣᠯ ᠤᠯᠤᠰ ᠤᠨ ᠪᠤᠯᠪᠠᠰᠤᠷᠠᠯ᠂ ᠰᠢᠨᠵᠢᠯᠠᠬᠥ ᠤᠬᠠᠭᠠᠨ ᠤ ᠶᠠᠮᠤ ᠪᠤᠯᠤᠨ ᠪᠥᠲ᠋ᠠᠨ ᠤ ᠬᠠᠭᠠᠨᠲᠤ ᠤᠯᠤᠰ ᠤᠨ ᠪᠤᠯᠪᠠᠰᠤᠷᠠᠯ ᠤᠨ ᠶᠠᠮᠤ ᠬᠤᠭᠤᠷᠤᠨᠳᠤ ᠢᠢᠨ ᠬᠠᠷᠢᠯᠴᠠᠨ ᠤᠢᠢᠯᠠᠭᠠᠯᠴᠠᠯ ᠤᠨ ᠰᠠᠨᠠᠮᠵᠢ ᠪᠢᠴᠢᠭ᠌》

ᠬᠣᠶᠠᠷ ᠲᠠᠯ᠎ᠠ ᠢᠢᠨ ᠬᠠᠮᠲᠤ ᠢᠢᠨ ᠠᠵᠢᠯᠯᠠᠭ᠎ᠠ ᠢᠢ ᠬᠥᠭ᠍ᠵᠢᠭᠦᠯᠬᠦ᠂ ᠲᠡᠷᠡ ᠳᠤᠮᠳᠠ ᠪᠠᠨ ᠤᠯᠠᠮᠵᠢᠯᠠᠯᠲᠤ ᠠᠨᠠᠭᠠᠬᠤ ᠤᠬᠠᠭᠠᠨ᠂ ᠭᠠᠷ ᠤᠷᠠᠯᠠᠯ᠂ ᠤᠯᠠᠮᠵᠢᠯᠠᠯᠲᠤ ᠰᠤᠶᠤᠯ᠂ ᠤᠷᠠᠯᠢᠭ ᠤᠨ ᠴᠢᠭᠯᠡᠯ ᠢᠶᠡᠷ ᠣᠶᠤᠲᠠᠨ ᠬᠠᠷᠢᠯᠴᠠᠨ ᠰᠤᠷᠤᠯᠴᠠᠭᠤᠯᠤᠨ᠎ᠠ᠃

ᠪᠣᠯᠪᠠᠰᠤᠷᠠᠯ᠂ ᠰᠢᠨᠵᠢᠯᠡᠬᠦ ᠤᠬᠠᠭᠠᠨ ᠤ ᠴᠢᠭᠯᠡᠯ ᠢᠶᠡᠷ ᠣᠯᠠᠨ ᠤᠯᠤᠰ ᠤᠨ ᠬᠤᠷᠠᠯ᠂ ᠠᠭᠤᠯᠵᠠᠯᠲᠠ ᠵᠣᠬᠢᠶᠠᠨ ᠪᠠᠢᠢᠭᠤᠯᠤᠨ᠎ᠠ᠃

《ᠰᠤᠶᠤᠯ ᠤᠨ ᠰᠠᠯᠪᠤᠷᠢ ᠳᠤ ᠬᠠᠮᠲᠤᠷᠠᠨ ᠠᠵᠢᠯᠯᠠᠬᠤ ᠲᠤᠬᠠᠢ ᠮᠣᠩ᠋ᠭᠣᠯ ᠤᠯᠤᠰ ᠤᠨ ᠰᠤᠶᠤᠯ ᠤᠨ ᠶᠠᠮᠤ᠂ ᠪᠥᠲ᠋ᠠᠨ ᠤ ᠬᠠᠭᠠᠨᠲᠤ ᠤᠯᠤᠰ ᠤᠨ ᠳᠤᠲᠤᠭᠠᠳᠤ ᠬᠡᠷᠡᠭ ‍ᠥᠨ ᠶᠠᠮᠤ ᠬᠤᠭᠤᠷᠤᠨᠳᠤ ᠢᠢᠨ ᠬᠠᠷᠢᠯᠴᠠᠨ ᠤᠢᠢᠯᠠᠭᠠᠯᠴᠠᠯ ᠤᠨ ᠰᠠᠨᠠᠮᠵᠢ ᠪᠢᠴᠢᠭ᠌》

ᠰᠤᠶᠤᠯ ᠤᠨ ᠬᠠᠷᠢᠯᠴᠠᠭ᠎ᠠ ᠢᠢ ᠥᠷᠭᠡᠵᠢᠭᠦᠯᠦᠨ ᠬᠥᠭ᠍ᠵᠢᠭᠦᠯᠬᠦ᠂ ᠰᠤᠶᠤᠯ ᠤᠨ ᠥᠪ ᠦᠨ ᠬᠠᠳᠠᠭᠠᠯᠠᠯᠲᠠ᠂ ᠬᠠᠮᠠᠭᠠᠯᠠᠯᠲᠠ ᠢᠢ ᠳᠡᠮᠵᠢᠬᠦ᠂ ᠮᠦᠽᠧᠢ ᠬᠣᠭᠣᠷᠣᠨᠳᠣ ᠢᠢᠨ ᠰᠤᠷᠭᠠᠯᠲᠠ᠂ ᠰᠤᠶᠤᠯ ᠤᠨ ᠰᠣᠯᠢᠯᠴᠠᠭ᠎ᠠ ᠢᠢ ᠬᠥᠬᠢᠭᠥᠯᠥᠨ ᠳᠡᠮᠵᠢᠵᠦ᠂ ᠬᠠᠮᠲᠤ ᠢᠢᠨ ᠠᠵᠢᠯᠯᠠᠭᠠᠨ ᠤ ᠰᠠᠭᠤᠷᠢ ᠢᠢ ᠲᠠᠯᠪᠢᠯ᠎ᠠ᠃ ᠪᠥᠲ᠋ᠠᠨ ᠤ ᠬᠠᠭᠠᠨᠲᠤ ᠤᠯᠤᠰ ᠤᠨ ᠳᠣᠲᠣᠭᠠᠳᠤ ᠬᠡᠷᠡᠭ ᠦᠨ ᠶᠠᠮᠤᠨ ᠤ ᠬᠠᠷᠢᠶ᠎ᠠ ᠰᠤᠶᠤᠯ᠂ ᠬᠡᠯᠡᠨ ᠦ ᠠᠭᠧᠨ᠋ᠲ᠋ᠯᠢᠭ ᠲᠠᠢ ᠤᠯᠠᠮᠵᠢᠯᠠᠯ᠂ ᠱᠠᠰᠢᠨ ᠰᠤᠳᠤᠯᠤᠯ᠂ ᠬᠡᠯᠡ ᠰᠤᠳᠤᠯᠤᠯ ᠵᠡᠷᠭᠡ ᠰᠠᠯᠪᠤᠷᠢ ᠢᠢᠨ ᠬᠦᠷᠢᠶᠡᠨ ᠳᠥ ᠬᠠᠮᠲᠤ ᠢᠢᠨ ᠠᠵᠢᠯᠯᠠᠭ᠎ᠠ ᠢᠢ ᠬᠥᠭ᠍ᠵᠢᠭᠦᠯᠬᠦ ᠪᠡᠷ ᠲᠣᠬᠢᠷᠠᠯᠴᠠᠪᠠ᠃

《ᠤᠯᠠᠮᠵᠢᠯᠠᠯᠲᠤ ᠠᠨᠠᠭᠠᠬᠤ ᠤᠬᠠᠭᠠᠨ ᠤ ᠰᠠᠯᠪᠤᠷᠢ ᠳᠤ ᠬᠠᠮᠲᠤᠷᠠᠨ ᠠᠵᠢᠯᠯᠠᠬᠤ ᠲᠤᠬᠠᠢ ᠮᠣᠩ᠋ᠭᠣᠯ ᠤᠯᠤᠰ ᠤᠨ ᠡᠷᠡᠭᠥᠯ ᠮᠡᠨᠳᠥ ᠢᠢᠨ ᠶᠠᠮᠤ᠂ ᠪᠥᠲ᠋ᠠᠨ ᠤ ᠬᠠᠭᠠᠨᠲᠤ ᠤᠯᠤᠰ ᠤᠨ ᠡᠷᠡᠭᠥᠯ ᠮᠡᠨᠳᠥ ᠢᠢᠨ ᠶᠠᠮᠤ ᠬᠤᠭᠤᠷᠤᠨᠳᠤ ᠢᠢᠨ ᠬᠠᠷᠢᠯᠴᠠᠨ ᠤᠢᠢᠯᠠᠭᠠᠯᠴᠠᠯ ᠤᠨ ᠰᠠᠨᠠᠮᠵᠢ ᠪᠢᠴᠢᠭ᠌》

ᠤᠯᠠᠮᠵᠢᠯᠠᠯᠲᠤ ᠠᠨᠠᠭᠠᠬᠤ ᠤᠬᠠᠭᠠᠨ ᠤ ᠰᠠᠯᠪᠤᠷᠢ ᠢᠢᠨ ᠡᠮᠴᠢ᠂ ᠮᠡᠷᠭᠡᠵᠢᠯᠲᠡᠨ ᠨᠤᠭᠦᠳ ᠢ ᠰᠤᠯᠢᠯᠴᠠᠬᠤ᠂ ᠰᠤᠷᠭᠠᠯᠲᠠ ᠳᠤ ᠬᠠᠮᠤᠷᠤᠭᠤᠯᠬᠤ᠂ ᠡᠪᠡᠳᠴᠢᠨ ᠡᠴᠡ ᠤᠷᠢᠳᠴᠢᠯᠠᠨ ᠰᠡᠷᠭᠡᠢᠢᠯᠡᠬᠦ᠂ ᠤᠯᠠᠮᠵᠢᠯᠠᠯᠲᠤ ᠡᠮ ᠦᠨ ᠦᠢᠯᠡᠳᠪᠦᠷᠢᠯᠡᠯ ᠦᠨ ᠲᠠᠯ᠎ᠠ ᠪᠠᠷ ᠬᠠᠷᠢᠯᠴᠠᠨ ᠮᠡᠳᠡᠯᠭᠡ᠂ ᠰᠠᠢᠢᠨ ᠲᠤᠷᠰᠢᠯᠭ᠎ᠠ ᠰᠣᠯᠢᠯᠴᠠᠨ᠎ᠠ᠃

《ᠮᠤᠩᠭ᠋ᠤᠯ ᠤᠨ ᠥᠨᠳᠥᠰᠥᠨ ᠎‍ᠥ ᠤᠯᠠᠨ ᠨᠠᠢᠢᠲᠠ ᠢᠢᠨ ᠷᠠᠳᠢᠤ‍ ᠲᠸᠯᠸᠸᠢᠽ ‍(МNB) ᠪᠤᠯᠤᠨ ᠪᠥᠲ᠋ᠠᠨ ᠤ ᠥᠷᠭᠡᠨ ᠨᠡᠪᠲᠡᠷᠡᠭᠥᠯᠬᠡ ᠢᠢᠨ ᠥᠢᠯᠡᠴᠢᠯᠡᠭᠡᠨ ‍ᠥ ᠻᠤᠷᠫᠤᠷᠠᠼᠢ (BBSC) ᠬᠤᠭᠤᠷᠤᠨᠳᠤ ᠲᠸᠯᠸᠸᠢᠽ ᠂ ᠷᠠᠳᠢᠤ‍ ᠢᠢᠨ ᠥᠷᠭᠡᠨ ᠨᠡᠪᠲᠡᠷᠡᠭᠥᠯᠬᠡ ᠢᠢᠨ ᠴᠢᠭᠯᠡᠯ ᠢᠢᠡᠷ ᠬᠠᠮᠲᠤᠷᠠᠨ ᠠᠵᠢᠯᠯᠠᠬᠤ ᠲᠤᠬᠠᠢ ᠬᠠᠷᠢᠯᠴᠠᠨ ᠤᠢᠢᠯᠠᠭᠠᠯᠴᠠᠯ ᠤᠨ ᠰᠠᠨᠠᠮᠵᠢ ᠪᠢᠴᠢᠭ᠌》

ᠬᠠᠷᠢᠯᠴᠠᠨ ᠻᠤᠨ᠋ᠨᠲ᠋ᠧᠨ᠋ᠲ᠂ ᠰᠠᠢᠢᠨ ᠲᠤᠷᠰᠢᠯᠭ᠎ᠠ ᠪᠠᠨ ᠰᠤᠯᠢᠯᠴᠠᠬᠤ᠂ ᠤᠷᠠᠨ ᠪᠦᠲᠦᠭᠡᠯ ᠬᠠᠮᠲᠤᠷᠠᠨ ᠲᠤᠭᠤᠷᠪᠢᠬᠤ᠂ ᠮᠡᠳᠡᠭᠡᠯᠡᠯ ᠲᠧᠭᠨᠣᠯᠣᠭᠢ ᠢᠢᠨ ᠰᠠᠯᠪᠤᠷᠢ ᠳᠤ ᠮᠡᠳᠡᠭᠡᠯᠡᠯ ᠢᠶᠡᠨ ᠬᠤᠪᠢᠶᠠᠯᠴᠠᠨ᠎ᠠ᠃ ᠮᠡᠳᠡᠭᠡᠯᠡᠯ ᠰᠣᠯᠢᠯᠴᠠᠭ᠎ᠠ ᠨᠢ ᠢᠷᠭᠡᠳ ᠦᠨ ᠲᠤᠬᠠᠢ ᠢᠢᠨ ᠤᠯᠤᠰ ᠤᠨ ᠲᠠᠯᠠᠭᠠᠷᠬᠢ ᠮᠡᠳᠡᠯᠭᠡ ᠢᠢ ᠨᠡᠮᠡᠭᠳᠡᠭᠦᠯᠵᠦ᠂ ᠰᠣᠶᠣᠨ ᠭᠡᠭᠡᠷᠡᠭᠦᠯᠬᠦ ᠵᠣᠷᠢᠯᠭ᠎ᠠ ᠲᠠᠢ ᠪᠥᠭᠡᠳ ᠡᠭᠦᠪᠡᠷ ᠳᠠᠮᠵᠢᠭᠤᠯᠤᠨ ᠬᠣᠶᠠᠷ ᠤᠯᠤᠰ ᠲᠡᠳᠦᠢ ᠦᠭᠡᠢ ᠢᠷᠭᠡᠳ ᠬᠣᠭᠣᠷᠣᠨᠳᠣ ᠢᠢᠨ ᠬᠠᠷᠢᠯᠴᠠᠭ᠎ᠠ ᠢᠢ ᠪᠡᠬᠢᠵᠢᠭᠦᠯᠦᠨ ᠬᠥᠭ᠍ᠵᠢᠭᠦᠯᠦᠨ᠎ᠡ᠃

ᠴᠣᠭ ᠵᠢᠪᠬᠤᠯᠠᠩᠲᠤ ᠬᠠᠭᠠᠨ ᠤ ᠲᠥᠷᠥ ᠢᠢᠨ ᠠᠩᠬᠠᠨ ᠤ ᠠᠢᠢᠯᠴᠢᠯᠠᠯ ᠤᠨ ᠬᠦᠷᠢᠶᠡᠨ ᠳᠥ ᠬᠠᠷᠢᠯᠴᠠᠭ᠎ᠠ᠂ ᠬᠠᠮᠲᠤ ᠢᠢᠨ ᠠᠵᠢᠯᠯᠠᠭᠠᠨ ᠤ ᠡᠷᠬᠡ ᠵᠦᠢ ᠢᠢᠨ ᠦᠨᠳᠦᠰᠦ ᠢᠢ ᠪᠡᠬᠢᠵᠢᠭᠦᠯᠬᠦ ᠪᠠᠷᠢᠮᠲᠠ ᠪᠢᠴᠢᠭ᠌ ᠦᠳ ᠪᠠᠢᠢᠭᠤᠯᠵᠤ᠂ ᠬᠥᠳᠡᠭᠡ ᠠᠵᠤ ᠠᠬᠤᠢ᠂ ᠮᠠᠯ ᠠᠵᠤ ᠠᠬᠤᠢ᠂ ᠤᠯᠠᠮᠵᠢᠯᠠᠯᠲᠤ ᠠᠨᠠᠭᠠᠬᠤ ᠤᠬᠠᠭᠠᠨ᠂ ᠰᠤᠶᠤᠯ ᠤᠷᠠᠯᠢᠭ᠂ ᠵᠠᠩ ᠵᠠᠩᠰᠢᠯ᠂ ᠦᠨᠳᠦᠰᠦᠨ ᠦ ᠬᠤᠪᠴᠠᠰᠤ ᠤᠷᠠᠯᠠᠯ ᠵᠡᠷᠭᠡ ᠬᠣᠶᠠᠷ ᠤᠯᠤᠰ ᠤᠨ ᠬᠤᠪᠢ ᠳᠤ ᠬᠠᠷᠢᠯᠴᠠᠨ ᠠᠰᠢᠭᠲᠠᠢ᠂ ᠨᠡᠢᠢᠲᠡᠯᠢᠭ ᠰᠣᠨᠢᠷᠬᠠᠯ ᠪᠦᠬᠦᠢ ᠰᠠᠯᠪᠤᠷᠢ ᠨᠤᠭᠤᠳ ᠢᠶᠠᠨ ᠬᠥᠭ᠍ᠵᠢᠭᠦᠯᠬᠦ ᠪᠡᠷ ᠲᠣᠬᠢᠷᠠᠯᠴᠠᠯ᠎ᠠ᠃