Та "Internet explorer"-ийн сүүлийн хувилбар болох "Microsoft edge"-г ашиглана уу

Хэрэв "Microsoft edge"-г татах бол энд дарж татаж авна уу

《ᠲᠥᠷᠥ ᠢᠢᠨ ᠳᠠᠯᠪᠠᠭᠠᠨ ᠤ ᠡᠳᠦᠷ》 ᠍ᠳᠦ ᠵᠣᠷᠢᠭᠤᠯᠤᠭᠰᠠᠨ ᠴᠡᠷᠢᠭ ᠦᠨ ᠶᠣᠰᠣᠯᠠᠯ ᠤᠨ ᠵᠢᠭ᠌ᠰᠠᠭᠠᠯ ᠪᠣᠯᠤᠯ᠎ᠠ

ᠥᠨᠥᠳᠥᠷ ᠲᠥᠷᠥ ᠢᠢᠨ ᠳᠠᠯᠪᠠᠭᠠᠨ ᠤ ᠡᠳᠦᠷ ᠲᠣᠬᠢᠶᠠᠵᠤ ᠪᠠᠢᠢᠨ᠎ᠠ᠃ ᠡᠨᠡ ᠡᠳᠦᠷ ᠲᠥᠷᠥ ᠢᠢᠨ ᠴᠡᠷᠢᠭ ᠦᠨ ᠪᠣᠯᠤᠨ ᠬᠠᠤᠯᠢ ᠰᠠᠬᠢᠭᠤᠯᠬᠤ ᠪᠠᠢᠢᠭᠤᠯᠤᠯᠭ᠎ᠠ ᠢᠢᠨ ᠠᠯᠪᠠ ᠬᠠᠭᠠᠭᠴᠢᠳ ᠴᠡᠷᠢᠭ ᠦᠨ ᠶᠣᠰᠣᠯᠠᠯ ᠤᠨ ᠵᠢᠭ᠌ᠰᠠᠭᠠᠯ ᠢᠶᠠᠷ ᠲᠥᠷᠥ ᠢᠢᠨ ᠳᠠᠯᠪᠠᠭᠠᠨ ᠳᠠᠭᠠᠨ ᠬᠦᠨᠳᠦᠳᠬᠡᠯ ᠦᠵᠡᠭᠦᠯᠳᠡᠭ ᠤᠯᠠᠮᠵᠢᠯᠠᠯ ᠲᠠᠢ᠃

ᠮᠣᠩ᠋ᠭᠣᠯ ᠤᠯᠤᠰ ᠤᠨ ᠶᠡᠷᠦᠩᠬᠡᠢᠢᠯᠡᠭᠴᠢ᠂ ᠵᠡᠪᠰᠡᠭᠲᠦ ᠬᠦᠴᠦᠨ ᠦ ᠶᠡᠷᠦᠩᠬᠡᠢ ᠻᠣᠮᠠᠨ᠋ᠳ᠋ᠯᠠᠭᠴᠢ ᠤᠬᠤᠨ᠎ᠠ ᠢᠢᠨ ᠬᠦᠷᠡᠯᠰᠦ᠋ᠬᠡ᠂ ᠲᠥᠷᠥ ᠢᠢᠨ ᠳᠠᠯᠪᠠᠭ᠎ᠠ ᠪᠣᠯ ᠠᠷᠠᠳ ᠲᠦᠮᠡᠨ᠂ ᠨᠡᠢᠢᠲᠡ ᠢᠢᠨ ᠦᠨᠡᠲᠦ ᠵᠦᠢᠯ᠂ ᠦᠨᠳᠦᠰᠦᠨ ᠦ ᠶᠡᠬᠡ ᠪᠠᠶᠠᠷ ᠨᠠᠭᠠᠳᠤᠮ 《ᠲᠥᠷᠥ ᠢᠢᠨ ᠳᠠᠯᠪᠠᠭᠠᠨ ᠤ ᠡᠳᠦᠷ》 ᠢᠢᠡᠷ ᠡᠬᠢᠯᠡᠳᠡᠭ ᠨᠢ ᠲᠥᠷᠥᠳᠦ ᠶᠣᠰᠣ᠂ ᠲᠡᠦᠬᠡᠨ ᠤᠯᠠᠮᠵᠢᠯᠠᠯ ᠢᠶᠠᠨ ᠨᠠᠨᠳᠢᠩᠨᠠᠨ ᠥᠪᠯᠡᠭᠦᠯᠬᠦ᠂ ᠦᠨᠳᠦᠰᠦᠨ ᠦ ᠡᠪ ᠨᠢᠭᠡᠳᠦᠯ ᠢ ᠪᠡᠬᠢᠵᠢᠭᠦᠯᠬᠦ ᠡᠬᠡ ᠣᠷᠣᠨᠴᠢ ᠤᠳᠬ᠎ᠠ ᠰᠠᠨᠠᠭ᠎ᠠ ᠢᠢ ᠠᠭᠤᠯᠳᠠᠭ ᠭᠡᠳᠡᠭ ᠢ ᠣᠨᠴᠠᠯᠠᠯ᠎ᠠ᠃

ᠮᠥᠨ ᠶᠣᠰᠣᠯᠠᠯ ᠤᠨ ᠵᠢᠭ᠌ᠰᠠᠭᠠᠯ ᠳᠤ ᠣᠷᠣᠯᠴᠠᠵᠤ ᠪᠤᠢ ᠲᠥᠷᠥ ᠢᠢᠨ ᠴᠡᠷᠢᠭ ᠦᠨ ᠪᠣᠯᠤᠨ ᠬᠠᠤᠯᠢ ᠰᠠᠬᠢᠭᠤᠯᠬᠤ ᠪᠠᠢᠢᠭᠤᠯᠤᠯᠭ᠎ᠠ ᠢᠢᠨ ᠠᠯᠪᠠ ᠬᠠᠭᠠᠭᠴᠢᠳ ᠲᠤ ᠠᠮᠵᠢᠯᠲᠠ ᠬᠦᠰᠡᠵᠦ᠂ ᠠᠷᠠᠳ ᠲᠦᠮᠡᠨ᠂ ᠦᠶ᠎ᠡ ᠦᠶ᠎ᠡ ᠢᠢᠨ ᠡᠬᠡ ᠣᠷᠣᠨᠴᠢ᠂ ᠠᠬᠠᠮᠠᠳ ᠳᠠᠢᠢᠴᠢᠨ᠂ ᠡ᠊ᠩᠬᠡ ᠢᠢ ᠰᠠᠬᠢᠭᠤᠯᠤᠭᠴᠢᠳ ᠲᠤ ᠲᠠᠯᠠᠷᠬᠠᠯ ᠢᠯᠡᠷᠬᠡᠢᠢᠯᠡᠯ᠎ᠡ᠃

ᠴᠡᠷᠢᠭ ᠦᠨ ᠬᠦᠨᠳᠦᠳᠬᠡᠯ ᠦᠨ ᠶᠣᠰᠣᠯᠠᠯ ᠤᠨ ᠵᠢᠭ᠌ᠰᠠᠭᠠᠯ ᠳᠤ ᠲᠥᠷᠥ ᠢᠢᠨ ᠴᠡᠷᠢᠭ ᠦᠨ ᠪᠣᠯᠤᠨ ᠬᠠᠤᠯᠢ ᠰᠠᠬᠢᠭᠤᠯᠬᠤ 15 ᠪᠠᠢᠢᠭᠤᠯᠤᠯᠭ᠎ᠠ ᠢᠢᠨ 1.500 ᠭᠠᠷᠤᠢ ᠠᠯᠪᠠ ᠬᠠᠭᠠᠭᠴᠢ 22 ᠬᠠᠢᠢᠷᠴᠠᠭ ᠪᠣᠯᠵᠤ ᠵᠢᠭ᠌ᠰᠠᠯ ᠠ᠃ ᠮᠥᠨ ᠮᠣᠷᠢᠲᠤ ᠴᠡᠷᠢᠭ ᠦᠳ ᠾᠢᠦᠩᠨᠦ ᠭᠦᠷᠦᠨ᠂ ᠶᠡᠬᠡ ᠮᠣᠩ᠋ᠭᠣᠯ ᠤᠯᠤᠰ᠂ ᠪᠣᠭᠳᠠ ᠬᠠᠭᠠᠨᠲᠤ ᠮᠣᠩ᠋ᠭᠣᠯ ᠤᠯᠤᠰ᠂ ᠮᠣᠩ᠋ᠭᠣᠯ ᠠᠷᠠᠳ ᠤᠨ ᠵᠢᠷᠤᠮᠲᠤ ᠴᠡᠷᠢᠭ᠂ ᠪᠥ᠊᠂ ᠨᠠᠢᠢ᠊᠂ ᠮᠤ᠊᠂ ᠠ᠊᠂ ᠤᠯᠤᠰ᠍ ᠤᠨ ᠲᠥᠷᠥ ᠢᠢᠨ ᠳᠠᠯᠪᠠᠭ᠎ᠠ ᠢᠢ ᠲᠤᠬᠠᠢ ᠢᠢᠨ ᠦᠶ᠎ᠡ ᠢᠢᠨ ᠴᠡᠷᠢᠭ᠂ ᠠᠷᠮᠢ ᠢᠢᠨ ᠬᠤᠪᠴᠠᠰᠤ ᠲᠠᠢ ᠪᠠᠨ ᠵᠠᠯᠠᠯ᠎ᠠ᠃

ᠴᠡᠷᠢᠭ ᠦᠨ ᠶᠣᠰᠣᠯᠠᠯ ᠤᠨ ᠬᠦᠨᠳᠦᠳᠬᠡᠯ ᠦᠨ ᠵᠢᠭ᠌ᠰᠠᠭᠠᠯ ᠢ ᠤᠯᠤᠰ ᠤᠨ ᠶᠡᠬᠡ ᠬᠤᠷᠠᠯ ᠤᠨ ᠳᠠᠷᠤᠭ᠎ᠠ ᠳ᠊᠂ ᠠᠮᠤᠷᠪᠠᠶᠠᠰᠬᠤᠯᠠᠩ᠂ ᠶᠡᠷᠦᠩᠬᠡᠢ ᠰᠠᠢᠢᠳ ᠯᠤ᠊᠂ ᠣᠶᠤᠨ-ᠡᠷᠳᠡᠨᠢ᠂ ᠤᠯᠤᠰ ᠤᠨ ᠶᠡᠬᠡ ᠬᠤᠷᠠᠯ᠂ ᠵᠠᠰᠠᠭ ᠤᠨ ᠭᠠᠵᠠᠷ ᠤᠨ ᠭᠡᠰᠢᠭᠦᠳ᠂ ᠪᠠᠲᠤᠯᠠᠨ ᠬᠠᠮᠠᠭᠠᠯᠠᠬᠤ ᠶᠠᠮᠤ᠂ ᠵᠡᠪᠰᠡᠭᠲᠦ ᠬᠦᠴᠦᠨ ᠦ ᠵᠠᠩᠵᠤᠨ ᠱᠲ᠋ᠠᠪ ᠤᠨ ᠤᠳᠤᠷᠢᠳᠤᠯᠭ᠎ᠠ᠂ ᠮᠣᠩ᠋ᠭᠣᠯ ᠤᠯᠤᠰ ᠲᠤ ᠰᠠᠭᠤᠭ᠎ᠠ ᠳ᠋ᠢᠫᠯᠣᠮᠠᠲ ᠲᠥᠯᠥᠭᠡᠯᠡᠭᠴᠢ ᠢᠢᠨ ᠭᠠᠵᠠᠷ ᠤᠨ ᠲᠡᠷᠢᠭᠦᠨ ᠨᠤᠭᠥᠳ᠂ ᠣᠯᠠᠨ ᠤᠯᠤᠰ ᠤᠨ ᠪᠠᠢᠢᠭᠤᠯᠤᠯᠭ᠎ᠠ ᠢᠢᠨ ᠲᠥᠯᠥᠭᠡᠯᠡᠭᠴᠢᠳ ᠪᠤᠯᠤᠨ ᠠᠯᠪᠠᠨ ᠤ ᠪᠤᠰᠤᠳ ᠬᠦᠮᠦᠨ᠂ ᠢᠷᠭᠡᠨ᠂ ᠵᠢᠭᠤᠯᠴᠢᠳ ᠦᠵᠡᠵᠦ ᠰᠣᠨᠢᠷᠬᠠᠯ᠎ᠠ᠃