Та "Internet explorer"-ийн сүүлийн хувилбар болох "Microsoft edge"-г ашиглана уу

Хэрэв "Microsoft edge"-г татах бол энд дарж татаж авна уу

ᠵᠠᠩᠵᠤᠨ ᠳᠠ᠊᠂ ᠰᠦᠬᠡᠪᠠᠭᠠᠲᠤᠷ ᠤᠨ ᠬᠥᠰᠢᠶᠡᠨ ᠳᠥ ᠴᠡᠴᠡᠭ ᠡᠷᠭᠦᠵᠦ᠂ ᠶᠡᠬᠡ ᠡᠵᠡᠨ ᠴᠢᠩᠭᠢᠰ ᠬᠠᠭᠠᠨ ᠤ ᠬᠥᠰᠢᠶᠡᠨ ᠳᠦ ᠬᠦᠨᠳᠦᠳᠬᠡᠯ ᠦᠵᠡᠭᠦᠯᠪᠡ

ᠲᠤᠯᠭᠤᠷ ᠲᠥᠷᠥ ᠢᠢᠨ 2233 ᠵᠢᠯ᠂ ᠶᠡᠬᠡ ᠮᠣᠩ᠋ᠭᠣᠯ ᠤᠯᠤᠰ ᠤᠨ 818 ᠵᠢᠯ᠂ ᠦᠨᠳᠦᠰᠦᠨ ᠦ ᠡᠷᠬᠡ ᠴᠢᠯᠦᠭᠡ᠂ ᠲᠤᠰᠠᠭᠠᠷ ᠲᠣᠭᠲᠠᠨᠢᠯ ᠢᠶᠠᠨ ᠰᠡᠷᠭᠦᠭᠡᠨ ᠮᠠᠨᠳᠤᠭᠤᠯᠤᠭᠰᠠᠨ ᠤ 113᠂ ᠠᠷᠠᠳ ᠤᠨ ᠬᠤᠪᠢᠰᠬᠠᠯ ᠤᠨ 103 ᠵᠢᠯ ᠦᠨ ᠣᠢ᠂ ᠦᠨᠳᠦᠰᠦᠨ ᠦ ᠶᠡᠬᠡ ᠪᠠᠶᠠᠷ ᠨᠠᠭᠠᠳᠤᠮ ᠢ ᠲᠣᠬᠢᠶᠠᠯᠳᠤᠭᠤᠯᠤᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠦᠯᠰᠦ᠋ᠬᠡ᠂ ᠤᠯᠤᠰ ᠤᠨ ᠶᠡᠬᠡ ᠬᠤᠷᠠᠯ ᠤᠨ ᠳᠠᠷᠤᠭ᠎ᠠ ᠳᠠᠰᠢᠵᠡᠭ᠍ᠪᠡ ᠢᠢᠨ ᠠᠮᠤᠷᠪᠠᠶᠠᠰᠬᠤᠯᠠᠩ᠂ ᠶᠡᠷᠦᠩᠬᠡᠢ ᠰᠠᠢᠢᠳ ᠯᠤᠪᠰᠠᠩᠨᠠᠮᠰᠠᠷᠠᠢ ᠢᠢᠨ ᠣᠶᠤᠨ-ᠡᠷᠳᠡᠨᠢ ᠨᠠᠷ ᠵᠠᠩᠵᠤᠨ ᠳᠠ᠊᠂ ᠰᠦᠬᠡᠪᠠᠭᠠᠲᠤᠷ ᠤᠨ ᠬᠥᠰᠢᠶᠡᠨ ᠳᠥ ᠴᠡᠴᠡᠭ ᠡᠷᠭᠦᠵᠦ᠂ ᠶᠡᠬᠡ ᠡᠵᠡᠨ ᠴᠢᠩ᠋ᠭᠢᠰ ᠬᠠᠭᠠᠨ ᠤ ᠬᠥᠰᠢᠶᠡᠨ ᠳᠦ ᠬᠦᠨᠳᠦᠳᠬᠡᠯ ᠦᠵᠡᠭᠦᠯᠪᠡ᠃

ᠬᠦᠨᠳᠦᠳᠬᠡᠯ ᠦᠨ ᠶᠣᠰᠣᠯᠠᠯ ᠳᠤ ᠤᠯᠤᠰ ᠤᠨ ᠶᠡᠬᠡ ᠬᠤᠷᠠᠯ᠂ ᠵᠠᠰᠠᠭ ᠤᠨ ᠭᠠᠵᠠᠷ ᠤᠨ ᠭᠡᠰᠢᠭᠦᠳ᠂ ᠨᠡᠢᠢᠰᠯᠡᠯ ᠦᠨ ᠲᠥᠷᠥ᠂ ᠵᠠᠬᠢᠷᠭᠠᠨ ᠤ ᠪᠠᠢᠢᠭᠤᠯᠤᠯᠭ᠎ᠠ ᠢᠢᠨ ᠤᠳᠤᠷᠢᠳᠤᠯᠭ᠎ᠠ᠂ ᠮᠣᠩ᠋ᠭᠣᠯ ᠤᠯᠤᠰ ᠲᠤ ᠰᠠᠭᠤᠭ᠎ᠠ ᠣᠨᠴᠠ ᠪᠥᠭᠡᠳ ᠪᠦᠷᠢᠨ ᠡᠷᠬᠡᠲᠦ ᠡᠯᠴᠢᠨ ᠰᠠᠢᠢᠳ ᠤᠤᠨ᠂ ᠣᠯᠠᠨ ᠤᠯᠤᠰ ᠤᠨ ᠪᠠᠢᠢᠭᠤᠯᠤᠯᠭ᠎ᠠ ᠢᠢᠨ ᠲᠥᠯᠥᠭᠡᠯᠡᠯ ᠪᠣᠯᠤᠨ ᠠᠯᠪᠠᠨ ᠤ ᠪᠤᠰᠤᠳ ᠬᠦᠮᠦᠨ ᠣᠷᠣᠯᠴᠠᠯ᠎ᠠ᠃