ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠭᠤ᠊᠂ ᠽᠠᠨᠳᠠᠨᠰᠢᠲᠠᠷ ᠠ 7 ᠳ᠋ᠤᠭᠠᠷ ᠰᠠᠷ᠎ᠠ ᠢᠢᠨ 10-12 ᠍ ᠤ ᠡᠳᠦᠷ ᠦᠳ ᠲᠥ ᠮᠠᠨ ᠤ ᠤᠯᠤᠰ ᠲᠤ ᠠᠢᠢᠯᠴᠢᠯᠠᠵᠤ ᠪᠤᠢ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠢᠢᠨ ᠬᠦᠨᠡᠰᠦ᠂ ᠬᠥᠳᠡᠭᠡ ᠠᠵᠤ ᠠᠬᠤᠢ ᠢᠢᠨ ᠪᠠᠢᠢᠭᠤᠯᠤᠯᠭ᠎ᠠ ᠢᠢᠨ ᠶᠡᠷᠦᠩᠬᠡᠢ ᠵᠠᠬᠢᠷᠤᠯ ᠴᠥ᠋ ᠳ᠋ᠣᠩ᠋ᠭᠢᠥ᠋ ᠢᠢ ᠬᠦᠯᠢᠶᠡᠨ ᠠᠪᠴᠤ ᠠᠭᠤᠯᠵᠠᠯ᠎ᠠ᠃
ᠠᠭᠤᠯᠵᠠᠯᠲᠠ ᠢᠢᠨ ᠡᠬᠢᠨ ᠳᠥ ᠶᠡᠷᠦᠩᠬᠡᠢᠢᠯᠡᠭᠴᠢ ᠢᠢᠨ ᠲᠠᠮᠠᠭ᠎ᠠ ᠢᠢᠨ ᠭᠠᠵᠠᠷ ᠤᠨ ᠳᠠᠷᠤᠭ᠎ᠠ ᠭᠤ᠊᠂ ᠽᠠᠨᠳᠠᠨᠰᠢᠲᠠᠷ ᠠ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠢᠢᠨ ᠬᠦᠨᠡᠰᠦ᠂ ᠬᠥᠳᠡᠭᠡ ᠠᠵᠤ ᠠᠬᠤᠢ ᠢᠢᠨ ᠪᠠᠢᠢᠭᠤᠯᠤᠯᠭ᠎ᠠ ᠥᠩ᠋ᠭᠡᠷᠡᠭᠰᠡᠨ 50 ᠭᠠᠷᠤᠢ ᠵᠢᠯ ᠦᠨ ᠬᠤᠭᠤᠴᠠᠭᠠᠨ ᠳᠤ ᠮᠣᠩ᠋ᠭᠣᠯ ᠤᠯᠤᠰ ᠤᠨ ᠬᠦᠨᠡᠰᠦ᠂ ᠬᠥᠳᠡᠭᠡ ᠠᠵᠤ ᠠᠬᠤᠢ ᠢᠢᠨ ᠰᠠᠯᠪᠤᠷᠢ ᠢᠢᠨ ᠬᠥᠭ᠍ᠵᠢᠯ ᠳᠥ ᠵᠢᠩᠲᠡᠢ ᠬᠤᠪᠢ ᠨᠡᠮᠡᠷᠢ ᠣᠷᠣᠭᠤᠯᠵᠤ ᠢᠷᠡᠭᠰᠡᠨ ᠳᠥ ᠲᠠᠯᠠᠷᠬᠠᠯ ᠢᠯᠡᠷᠬᠡᠢᠢᠯᠡᠪᠡ᠃
ᠮᠣᠩ᠋ᠭᠣᠯ ᠤᠯᠤᠰ ᠤᠨ ᠶᠡᠷᠦᠩᠬᠡᠢᠢᠯᠡᠭᠴᠢ ᠢᠢᠨ ᠰᠠᠨᠠᠭᠠᠴᠢᠯᠠᠭᠰᠠᠨ 《ᠬᠦᠨᠡᠰᠦᠨ ᠦ ᠬᠠᠩ᠋ᠭᠠᠮᠵᠢ᠂ ᠠᠶᠤᠯ ᠦᠭᠡᠢ ᠪᠠᠢᠢᠳᠠᠯ》 ᠦᠨᠳᠦᠰᠦᠨ ᠦ ᠬᠥᠳᠡᠯᠭᠡᠭᠡᠨ ᠦ ᠬᠦᠷᠢᠶᠡᠨ ᠳᠥ ᠮᠣᠩ᠋ᠭᠣᠯ ᠤᠯᠤᠰ ᠬᠦᠨᠡᠰᠦᠨ ᠦ ᠭᠣᠣᠯ ᠨᠡᠷ᠎ᠡ ᠢᠢᠨ ᠪᠦᠲᠦᠭᠡᠭ᠍ᠳᠡᠬᠦᠨ ᠢᠶᠡᠷ ᠳᠣᠲᠣᠭᠠᠳᠤ ᠢᠢᠨ ᠬᠡᠷᠡᠭᠴᠡᠭᠡ ᠢᠢ ᠬᠠᠩ᠋ᠭᠠᠬᠤ ᠵᠣᠷᠢᠯᠲᠠ ᠳᠡᠪᠰᠢᠭᠦᠯᠦᠭᠰᠡᠨ ᠪᠥᠭᠡᠳ ᠴᠢᠨᠠᠭᠰᠢᠯᠠᠭᠠᠳ ᠡᠷᠡᠭᠦᠯ᠂ ᠣᠷᠭᠠᠨᠢᠭ ᠬᠦᠨᠡᠰᠦᠨ ᠦ ᠪᠦᠲᠦᠭᠡᠭ᠍ᠳᠡᠬᠦᠨ ᠡᠻᠰᠫᠣᠷᠲ᠋ᠯᠠᠬᠤ ᠪᠦᠷᠢᠨ ᠪᠣᠯᠤᠮᠵᠢᠲᠠᠢ ᠢᠢ ᠣᠨᠴᠠᠯᠠᠯ᠎ᠠ᠃
ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠢᠢᠨ ᠬᠦᠨᠡᠰᠦ᠂ ᠬᠥᠳᠡᠭᠡ ᠠᠵᠤ ᠠᠬᠤᠢ ᠢᠢᠨ ᠪᠠᠢᠢᠭᠤᠯᠤᠯᠭ᠎ᠠ ᠢᠢᠨ ᠶᠡᠷᠦᠩᠬᠡᠢ ᠵᠠᠬᠢᠷᠤᠯ ᠴᠥ᠋ ᠳ᠋ᠣᠩ᠋ᠭᠢᠥ᠋ ᠥᠷᠭᠡᠨ ᠠᠭᠤᠳᠠᠮ ᠨᠤᠲᠤᠭ ᠲᠠᠢ ᠮᠣᠩ᠋ᠭᠣᠯ ᠤᠯᠤᠰ ᠲᠤ ᠠᠭᠤᠯᠠ ᠠᠭᠤᠷᠬᠠᠢ ᠠᠴᠠ ᠭᠠᠳᠠᠨ᠎ᠠ ᠬᠥᠳᠡᠭᠡ ᠠᠵᠤ ᠠᠬᠤᠢ ᠢᠢᠨ ᠰᠠᠯᠪᠤᠷᠢ ᠢᠢ ᠥᠨᠳᠥᠷ ᠬᠥᠭ᠍ᠵᠢᠭᠦᠯᠬᠦ ᠨᠥᠭᠡᠴᠡ ᠪᠣᠯᠤᠯᠴᠠᠭ᠎ᠠ ᠲᠠᠢ ᠭᠡᠳᠡᠭ ᠢ ᠬᠡᠯᠡᠪᠡ᠃
ᠮᠣᠩ᠋ᠭᠣᠯ ᠤᠯᠤᠰ ᠤᠨ ᠰᠠᠨᠠᠭᠠᠴᠢᠯᠠᠭ᠎ᠠ ᠪᠠᠷ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠠᠴᠠ 2026 ᠣᠨ ᠢ 《ᠪᠡᠯᠴᠢᠭᠡᠷ ᠪᠠ ᠨᠡᠭᠦᠳᠡᠯ ᠦᠨ ᠮᠠᠯ ᠠᠵᠤ ᠠᠬᠤᠢ ᠡᠷᠬᠢᠯᠡᠭᠴᠢᠳ ᠦᠨ ᠣᠯᠠᠨ ᠤᠯᠤᠰ ᠤᠨ ᠵᠢᠯ》 ᠪᠣᠯᠭᠠᠨ ᠵᠠᠷᠯᠠᠭᠰᠠᠨ ᠨᠢ ᠵᠥᠪᠬᠡᠨ ᠪᠥᠰᠡ ᠨᠤᠲᠤᠭ ᠢᠶᠠᠷ ᠵᠣᠭᠰᠣᠬᠤ ᠦᠭᠡᠢ ᠳᠡᠯᠡᠬᠡᠢ ᠢᠢᠨ ᠣᠯᠠᠨ ᠣᠷᠣᠨ ᠨᠤᠭᠤᠳ ᠲᠤ ᠥᠨᠳᠥᠷ ᠠᠴᠢ ᠬᠣᠯᠪᠣᠭᠳᠠᠯ ᠲᠠᠢ ᠭᠡᠳᠡᠭ ᠢ ᠲᠡᠮᠳᠡᠭᠯᠡᠯ ᠡ᠃
ᠠᠭᠤᠷ ᠠᠮᠢᠰᠬᠤᠯ ᠤᠨ ᠥᠭᠡᠷᠡᠴᠢᠯᠡᠯᠲᠡ ᠡᠴᠡ ᠡᠭᠦᠳᠦᠭᠰᠡᠨ ᠡᠻᠣᠰᠢᠰᠲ᠋ᠧᠮ ᠦᠨ ᠳᠣᠷᠣᠢᠢᠲᠠᠯ᠂ ᠴᠥᠯᠵᠢᠯᠲᠡ᠂ ᠰᠢᠷ᠎ᠠ ᠰᠢᠷᠤᠢ ᠢᠢᠨ ᠰᠢᠭᠤᠷᠭ᠎ᠠ ᠢᠢ ᠰᠠᠭᠠᠷᠠᠭᠤᠯᠬᠤ᠂ ᠬᠦᠨᠡᠰᠦᠨ ᠦ ᠬᠠᠩ᠋ᠭᠠᠮᠵᠢ᠂ ᠠᠶᠤᠯ ᠦᠭᠡᠢ ᠪᠠᠢᠢᠳᠠᠯ ᠢ ᠬᠠᠩ᠋ᠭᠠᠬᠤ ᠳᠤ ᠬᠠᠮᠲᠤᠷᠠᠨ ᠠᠵᠢᠯᠯᠠᠬᠤ ᠪᠣᠯᠤᠮᠵᠢ ᠨᠤᠭᠤᠳ ᠤᠨ ᠲᠠᠯ᠎ᠠ ᠪᠠᠷ ᠶᠠᠷᠢᠯᠴᠠᠪᠠ᠃
ᠮᠣᠩ᠋ᠭᠣᠯ ᠤᠯᠤᠰ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠢᠢᠨ ᠬᠦᠨᠡᠰᠦ᠂ ᠬᠥᠳᠡᠭᠡ ᠠᠵᠤ ᠠᠬᠤᠢ ᠢᠢᠨ ᠪᠠᠢᠢᠭᠤᠯᠤᠯᠭ᠎ᠠ ᠳᠤ 1973 ᠣᠨ ᠳᠤ ᠭᠡᠰᠢᠭᠦᠨ ᠢᠶᠡᠷ ᠡᠯᠰᠡᠭᠰᠡᠨ᠃