Та "Internet explorer"-ийн сүүлийн хувилбар болох "Microsoft edge"-г ашиглана уу

Хэрэв "Microsoft edge"-г татах бол энд дарж татаж авна уу

ᠪᠥᠲ᠋ᠠᠨ ᠤ ᠴᠣᠭ ᠵᠢᠪᠬᠤᠯᠠᠩᠲᠤ ᠬᠠᠭᠠᠨ ᠳᠠᠯᠠᠢ ᠳᠤ ᠭᠠᠷᠴᠠ ᠦᠭᠡᠢ ᠬᠥᠭ᠍ᠵᠢᠵᠦ ᠪᠤᠢ ᠣᠷᠣᠨ ᠨᠤᠭᠤᠳ ᠤᠨ ᠣᠯᠠᠨ ᠤᠯᠤᠰ ᠤᠨ ᠰᠤᠳᠤᠯᠭᠠᠨ ᠤ ᠲᠥᠪ ᠦᠨ ᠦᠢᠯᠡ ᠠᠵᠢᠯᠯᠠᠭ᠎ᠠ ᠲᠠᠢ ᠲᠠᠨᠢᠯᠴᠠᠪᠠ

ᠪᠥᠲ᠋ᠠᠨ ᠤ ᠬᠠᠭᠠᠨᠲᠤ ᠤᠯᠤᠰ ᠤᠨ ᠴᠣᠭ ᠵᠢᠪᠬᠤᠯᠠᠩᠲᠤ ᠬᠠᠭᠠᠨ ᠵᠢᠭᠮᠢ ᠭᠡᠰᠡᠷ ᠨᠠᠮᠵᠢᠯ ᠸᠠᠩᠴᠥ᠋ᠻ ᠮᠣᠩ᠋ᠭᠣᠯ ᠤᠯᠤᠰ ᠲᠤ ᠬᠢᠵᠦ ᠪᠤᠢ ᠲᠥᠷᠥ ᠢᠢᠨ ᠠᠢᠢᠯᠴᠢᠯᠠᠯ ᠤᠨ ᠢᠶᠠᠨ ᠬᠦᠷᠢᠶᠡᠨ ᠳᠥ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠢᠢᠨ ᠪᠠᠢᠢᠷᠢᠨ ᠳᠤ ᠵᠣᠴᠢᠯᠠᠵᠤ᠂ ᠳᠠᠯᠠᠢ ᠳᠤ ᠭᠠᠷᠴᠠ ᠦᠭᠡᠢ ᠬᠥᠭ᠍ᠵᠢᠵᠦ ᠪᠤᠢ ᠣᠷᠣᠨ ᠨᠤᠭᠤᠳ ᠤᠨ ᠣᠯᠠᠨ ᠤᠯᠤᠰ ᠤᠨ ᠰᠤᠳᠤᠯᠭᠠᠨ ᠤ ᠲᠥᠪ ᠦᠨ ᠦᠢᠯᠡ ᠠᠵᠢᠯᠯᠠᠭ᠎ᠠ ᠲᠠᠢ ᠲᠠᠨᠢᠯᠴᠠᠯ᠎ᠠ᠃

ᠴᠣᠭ ᠵᠢᠪᠬᠤᠯᠠᠩᠲᠤ ᠬᠠᠭᠠᠨ ᠢ ᠮᠣᠩ᠋ᠭᠣᠯ ᠤᠯᠤᠰ ᠳᠠᠬᠢ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠢᠢᠨ ᠰᠠᠭᠤᠷᠢᠨ ᠵᠣᠬᠢᠴᠠᠭᠤᠯᠤᠭᠴᠢ ᠲᠠᠫᠠᠨ ᠮᠢᠱᠷᠠ᠂ ᠳᠠᠯᠠᠢ ᠳᠤ ᠭᠠᠷᠴᠠ ᠦᠭᠡᠢ ᠬᠥᠭ᠍ᠵᠢᠵᠦ ᠪᠤᠢ ᠣᠷᠣᠨ ᠨᠤᠭᠤᠳ ᠤᠨ ᠣᠯᠠᠨ ᠤᠯᠤᠰ ᠤᠨ ᠰᠤᠳᠤᠯᠭᠠᠨ ᠤ ᠲᠥᠪ ᠦᠨ ᠭᠦᠢᠴᠡᠳᠭᠡᠬᠦ ᠵᠠᠬᠢᠷᠤᠯ ᠳ᠊᠂ ᠳᠥᠯᠥᠭᠡᠨ ᠨᠠᠷ ᠤᠭᠲᠤᠪᠠ᠃ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠢᠢᠨ ᠰᠠᠭᠤᠷᠢᠨ ᠵᠣᠬᠢᠴᠠᠭᠤᠯᠤᠭᠴᠢ ᠲᠠᠫᠠᠨ ᠮᠢᠱᠷᠠ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠪᠣᠯᠤᠨ ᠲᠡᠭᠦᠨ ᠦ ᠲᠥᠷᠦᠯᠵᠢᠭᠰᠡᠨ ᠪᠠᠢᠢᠭᠤᠯᠤᠯᠭ᠎ᠠ ᠨᠤᠭᠤᠳ ᠤᠨ ᠮᠣᠩ᠋ᠭᠣᠯ ᠤᠯᠤᠰ ᠲᠤ ᠶᠠᠪᠤᠭᠤᠯᠵᠤ ᠪᠤᠢ ᠦᠢᠯᠡ ᠠᠵᠢᠯᠯᠠᠭᠠᠨ ᠤ ᠲᠠᠯ᠎ᠠ ᠪᠠᠷ ᠲᠠᠨᠢᠯᠴᠠᠭᠤᠯᠤᠭᠠᠳ ᠨᠢᠭᠡᠳᠦᠭᠰᠡᠨ ᠦᠨᠳᠦᠰᠦᠨ ᠦ ᠪᠠᠢᠢᠭᠤᠯᠤᠯᠭ᠎ᠠ ᠢᠢᠨ ᠡᠩᠬᠡ ᠲᠠᠢᠢᠪᠤᠩ᠂ ᠬᠥ᠍ᠭᠵᠢᠯ ᠳᠡᠪᠰᠢᠯ ᠦᠨ ᠦᠢᠯᠡᠰ ᠲᠥ ᠮᠣᠩ᠋ᠭᠣᠯ ᠤᠯᠤᠰ ᠤᠨ ᠣᠷᠣᠭᠤᠯᠵᠤ ᠪᠤᠢ ᠬᠤᠪᠢ ᠨᠡᠮᠡᠷᠢ ᠢᠢ ᠥᠨᠳᠥᠷ ᠢᠶᠡᠷ ᠦᠨᠡᠯᠡᠪᠡ᠃

ᠡᠭᠦᠨ ᠦ ᠳᠠᠷᠠᠭ᠎ᠠ ᠪᠥᠲ᠋ᠠᠨ ᠤ ᠴᠣᠭ ᠵᠢᠪᠬᠤᠯᠠᠩᠲᠤ ᠬᠠᠭᠠᠨ ДГХБООУСТ ᠲᠥ ᠵᠣᠴᠢᠯᠠᠵᠤ᠂ ᠳᠠᠯᠠᠢ ᠳᠤ ᠭᠠᠷᠴᠠ ᠦᠭᠡᠢ ᠬᠥᠭ᠍ᠵᠢᠵᠦ ᠪᠤᠢ ᠣᠷᠣᠨ ᠨᠤᠭᠤᠳ ᠲᠤ ᠲᠤᠯᠭᠠᠷᠠᠴᠤ ᠪᠤᠢ ᠬᠦᠨᠳᠦᠷᠡᠯ ᠪᠡᠷᠬᠡᠰᠢᠶᠡᠯ᠂ ᠬᠠᠮᠲᠤ ᠢᠢᠨ ᠠᠵᠢᠯᠯᠠᠭᠠᠨ ᠤ ᠪᠣᠯᠤᠮᠵᠢ ᠢᠢᠨ ᠲᠠᠯ᠎ᠠ ᠪᠠᠷ ᠰᠠᠨᠠᠯ ᠰᠤᠯᠢᠯᠴᠠᠪᠠ᠃ ᠲᠡᠷᠡ ᠪᠡᠷ ᠮᠣᠩ᠋ᠭᠣᠯ ᠤᠯᠤᠰ ᠪᠣᠯᠤᠨ ᠪᠥᠲ᠋ᠠᠨ ᠤ ᠬᠠᠭᠠᠨᠲᠤ ᠤᠯᠤᠰ ᠨᠢ ᠳᠠᠯᠠᠢ ᠳᠤ ᠭᠠᠷᠴᠠ ᠦᠭᠡᠢ ᠣᠷᠣᠨ ᠨᠤᠭᠤᠳ ᠤᠨ ᠬᠤᠪᠢ ᠳᠤ ᠬᠥᠭ᠍ᠵᠢᠯ ᠦᠨ ᠲᠤᠷᠰᠢᠯᠭ᠎ᠠ ᠠᠴᠠ ᠪᠠᠨ ᠬᠤᠪᠢᠶᠠᠯᠴᠠᠬᠤ ᠢᠢᠨ ᠴᠢᠬᠤᠯᠠ ᠢᠢ ᠲᠡᠮᠳᠡᠭᠯᠡᠭᠡᠳ ᠪᠥᠲ᠋ᠠᠨ ᠤ ᠬᠠᠭᠠᠨᠲᠤ ᠤᠯᠤᠰ ᠤᠨ ᠵᠦᠭ ᠡᠴᠡ ᠲᠤᠰ ᠲᠥᠪ ᠦᠨ ᠦᠢᠯᠡ ᠠᠵᠢᠯᠯᠠᠭ᠎ᠠ ᠢᠢ ᠦᠷᠭᠦᠯᠵᠢᠯᠡᠭᠦᠯᠦᠨ ᠳᠡᠮᠵᠢᠵᠦ ᠠᠵᠢᠯᠯᠠᠬᠤ ᠪᠠᠨ ᠢᠯᠡᠷᠬᠡᠢᠢᠯᠡᠯ᠎ᠡ᠃

ᠭᠦᠢᠴᠡᠳᠭᠡᠬᠦ ᠵᠠᠬᠢᠷᠤᠯ ᠳ᠊᠂ ᠳᠥᠯᠥᠭᠡᠨ ᠪᠥᠲ᠋ᠠᠨ ᠤ ᠬᠠᠭᠠᠨᠲᠤ ᠤᠯᠤᠰ ᠨᠢ ᠳᠠᠯᠠᠢ ᠳᠤ ᠭᠠᠷᠴᠠ ᠦᠭᠡᠢ ᠬᠥᠭ᠍ᠵᠢᠵᠦ ᠪᠤᠢ ᠣᠷᠣᠨ ᠨᠤᠭᠤᠳ ᠤᠨ ᠣᠯᠠᠨ ᠤᠯᠤᠰ ᠤᠨ ᠰᠤᠳᠤᠯᠭᠠᠨ ᠤ ᠲᠥᠪ ᠢ ᠡᠭᠦᠰᠬᠡᠨ ᠪᠠᠢᠢᠭᠤᠯᠬᠤ ᠣᠯᠠᠨ ᠲᠠᠯᠠᠲᠤ ᠬᠡᠯᠡᠯᠴᠡᠭᠡᠷ ᠲᠥ ᠨᠢᠭᠡᠳᠦᠨ ᠣᠷᠣᠭᠰᠠᠨ ᠲᠤᠰ ᠪᠠᠢᠢᠭᠤᠯᠤᠯᠭ᠎ᠠ ᠢᠢᠨ ᠢᠳᠡᠪᠬᠢᠲᠡᠢ ᠭᠡᠰᠢᠭᠦᠨ ᠣᠷᠣᠨ ᠭᠡᠳᠡᠭ ᠢ ᠣᠨᠴᠠᠯᠠᠭᠠᠳ᠂ ᠴᠠᠨᠠᠭᠰᠢᠳᠠ ᠦᠷᠭᠦᠯᠵᠢᠯᠡᠭᠦᠯᠦᠨ ᠨᠢᠭ᠌ᠲᠠ ᠬᠠᠮᠲᠤᠷᠠᠨ ᠠᠵᠢᠯᠯᠠᠨ᠎ᠠ ᠭᠡᠳᠡᠭ ᠥᠦ ᠢᠲᠡᠭᠡᠯ ᠲᠡᠢ ᠪᠤᠢ ᠪᠠᠨ ᠲᠡᠮᠳᠡᠭᠯᠡᠪᠡ᠃

ᠳᠠᠯᠠᠢ ᠳᠤ ᠭᠠᠷᠴᠠ ᠦᠭᠡᠢ ᠬᠥᠭ᠍ᠵᠢᠵᠦ ᠪᠤᠢ ᠣᠷᠣᠨ ᠨᠤᠭᠤᠳ ᠳᠡᠯᠡᠬᠡᠢ ᠢᠢᠨ ᠬᠦᠮᠦᠨ ᠠᠮᠠ ᠢᠢᠨ 7 ᠬᠤᠪᠢ᠂ ᠭᠠᠵᠠᠷ ᠨᠤᠲᠤᠭ ᠤᠨ 22 ᠬᠤᠪᠢ ᠢᠢ ᠡᠵᠡᠯᠡᠳᠡᠭ ᠪᠠᠢᠢᠨ᠎ᠠ᠃