Та "Internet explorer"-ийн сүүлийн хувилбар болох "Microsoft edge"-г ашиглана уу

Хэрэв "Microsoft edge"-г татах бол энд дарж татаж авна уу

ᠲᠥᠷᠥ ᠢᠢᠨ ᠶᠢᠰᠦᠨ ᠬᠥᠯᠲᠦ ᠴᠠᠭᠠᠨ ᠲᠤᠭ ᠢ ᠴᠡᠩ᠋ᠭᠡᠭᠦᠯᠦᠯ᠎ᠡ

ᠲᠤᠯᠭᠤᠷ ᠲᠥᠷᠥ ᠢᠢᠨ 2233᠂ ᠶᠡᠬᠡ ᠮᠣᠩ᠋ᠭᠣᠯ ᠤᠯᠤᠰ ᠪᠠᠢᠢᠭᠤᠯᠤᠭᠳᠠᠭᠰᠠᠨ ᠤ 818᠂ ᠦᠨᠳᠦᠰᠦᠨ ᠦ ᠡᠷᠬᠡ ᠴᠢᠯᠦᠭᠡ᠂ ᠲᠤᠰᠠᠭᠠᠷ ᠲᠣᠭᠲᠠᠨᠢᠯ ᠢᠶᠠᠨ ᠰᠡᠷᠭᠦᠭᠡᠨ ᠮᠠᠨᠳᠤᠭᠤᠯᠤᠭᠰᠠᠨ ᠤ 113᠂ ᠠᠷᠠᠳ ᠤᠨ ᠬᠤᠪᠢᠰᠬᠠᠯ ᠤᠨ 103 ᠵᠢᠯ ᠦᠨ ᠣᠢ᠂ ᠦᠨᠳᠦᠰᠦᠨ ᠦ ᠶᠡᠬᠡ ᠪᠠᠶᠠᠷ ᠨᠠᠭᠠᠳᠤᠮ ᠢ ᠲᠣᠬᠢᠶᠠᠯᠳᠤᠭᠤᠯᠤᠨ ᠲᠥᠷᠥ ᠢᠢᠨ ᠶᠢᠰᠦᠨ ᠬᠥᠯᠲᠦ ᠶᠡᠬᠡ ᠴᠠᠭᠠᠨ ᠲᠤᠭ ᠢ ᠴᠡᠩ᠋ᠭᠡᠭᠦᠯᠦᠯ᠎ᠡ ᠃

ᠶᠡᠬᠡ ᠴᠠᠭᠠᠨ ᠲᠤᠭ ᠢ ᠲᠥᠷᠥ ᠢᠢᠨ ᠣᠷᠳᠣᠨ ᠠᠴᠠ ᠵᠠᠩᠵᠤᠨ ᠳᠠ᠊᠂ ᠰᠦᠬᠡᠪᠠᠭᠠᠲᠤᠷ ᠤᠨ ᠲᠠᠯᠠᠪᠠᠢ ᠳᠤ ᠵᠠᠯᠠᠵᠤ᠂ ᠶᠢᠰᠦᠨ ᠰᠢᠷᠭ᠎ᠠ ᠮᠣᠷᠢᠲᠤ ᠴᠡᠷᠢᠭ ᠲᠥᠷᠥ ᠢᠢᠨ ᠣᠷᠳᠣᠨ ᠢ ᠨᠠᠷᠠᠨ ᠵᠥᠪ ᠭᠣᠷᠣᠭᠠᠯᠠᠨ ᠴᠡᠩ᠋ᠭᠡᠭᠦᠯᠬᠥ ᠦᠶ᠎ᠡ ᠳᠥ ᠵᠡᠪᠰᠡᠭᠲᠦ ᠬᠦᠴᠦᠨ ᠦ ᠦᠯᠢᠶᠡᠪᠦᠷᠢ ᠨᠠᠢᠢᠷᠠᠯ ᠬᠥᠭ᠍ᠵᠢᠮ ᠬᠦᠨᠳᠦᠳᠬᠡᠯ ᠦᠨ ᠠᠶ᠎ᠠ ᠡᠭᠡᠰᠢᠭᠯᠡᠭᠦᠯᠦᠯ᠎ᠡ᠃

ᠲᠥᠷᠥ ᠢᠢᠨ ᠣᠷᠳᠣᠨ ᠢ ᠨᠠᠷᠠᠨ ᠵᠥᠪ ᠲᠣᠭᠣᠷᠢᠭᠤᠯᠤᠨ ᠴᠡᠩ᠋ᠭᠡᠭᠦᠯᠦᠭᠰᠡᠨ ᠦ ᠳᠠᠷᠠᠭ᠎ᠠ ᠶᠡᠬᠡ ᠴᠠᠭᠠᠨ ᠲᠤᠭ ᠢ ᠲᠥᠷᠥ ᠢᠢᠨ ᠣᠷᠳᠣᠨ ᠤ ᠶᠣᠰᠣᠯᠠᠯ ᠬᠦᠨᠳᠦᠳᠬᠡᠯ ᠦᠨ ᠲᠠᠩᠬᠢᠮ ᠳᠤ ᠪᠤᠴᠠᠭᠠᠨ ᠵᠠᠯᠠᠯ᠎ᠠ᠃

ᠲᠥᠷᠥ ᠢᠢᠨ ᠶᠢᠰᠦᠨ ᠬᠥᠯᠲᠦ ᠶᠡᠬᠡ ᠴᠠᠭᠠᠨ ᠲᠤᠭ ᠢ ᠦᠨᠳᠦᠰᠦᠨ ᠦ ᠶᠡᠬᠡ ᠪᠠᠶᠠᠷ ᠨᠠᠭᠠᠳᠤᠮ ᠤᠨ ᠡᠮᠦᠨᠡᠬᠢ ᠡᠳᠦᠷ ᠴᠡᠩ᠋ᠭᠡᠭᠦᠯᠵᠦ᠂ ᠨᠠᠭᠠᠳᠤᠮ ᠤᠨ ᠨᠡᠭᠡᠭᠡᠯᠲᠡ ᠢᠢᠨ ᠡᠳᠦᠷ ᠲᠥᠪ ᠴᠡᠩ᠋ᠭᠡᠯᠳᠦᠬᠥ ᠬᠦᠷᠢᠶᠡᠯᠡᠩ ᠳᠥ ᠬᠦᠨᠳᠦᠳᠬᠡᠨ ᠵᠠᠯᠠᠳᠠᠭ ᠤᠯᠠᠮᠵᠢᠯᠠᠯ ᠲᠠᠢ ᠶᠤᠮ᠃