Та "Internet explorer"-ийн сүүлийн хувилбар болох "Microsoft edge"-г ашиглана уу

Хэрэв "Microsoft edge"-г татах бол энд дарж татаж авна уу

ᠶᠠᠫᠣᠨ ᠤᠯᠤᠰ ᠤᠨ ᠶᠡᠷᠦᠩᠬᠡᠢ ᠰᠠᠢᠢᠳ ᠪᠠᠶᠠᠷ ᠨᠠᠭᠠᠳᠤᠮ ᠤᠨ ᠮᠡᠨᠳᠦᠴᠢᠯᠡᠭᠡ ᠳᠡᠪᠰᠢᠭᠦᠯᠦᠯ᠎ᠡ

ᠦᠨᠳᠦᠰᠦᠨ ᠦ ᠶᠡᠬᠡ ᠪᠠᠶᠠᠷ ᠨᠠᠭᠠᠳᠤᠮ ᠢ ᠲᠣᠬᠢᠶᠠᠯᠳᠤᠭᠤᠯᠤᠨ ᠮᠣᠩ᠋ᠭᠣᠯ ᠤᠯᠤᠰ ᠤᠨ ᠶᠡᠷᠦᠩᠬᠡᠢᠢᠯᠡᠭᠴᠢ ᠤᠬᠤᠨ᠎ᠠ ᠢᠢᠨ ᠬᠦᠷᠡᠯᠰᠥ᠋ᠬᠡ ᠳᠥ ᠶᠠᠫᠣᠨ ᠤᠯᠤᠰ ᠤᠨ ᠶᠡᠷᠦᠩᠬᠡᠢ ᠰᠠᠢᠢᠳ ᠻᠢᠱᠢᠳᠠ (ᠻᠢᠰᠢᠳᠠ) ᠹᠦᠮᠢᠤ‍ ᠪᠠᠶᠠᠷ ᠤᠨ ᠮᠡᠨᠳᠦᠴᠢᠯᠡᠭᠡ ᠳᠡᠪᠰᠢᠭᠦᠯᠵᠡᠢ᠃

ᠮᠡᠨᠳᠦᠴᠢᠯᠡᠭᠡᠨ ᠳᠥ 《ᠶᠠᠫᠣᠨ ᠤᠯᠤᠰ᠂ ᠮᠣᠩ᠋ᠭᠣᠯ ᠤᠯᠤᠰ ᠤᠨ ᠬᠣᠭᠣᠷᠣᠨᠳᠣ ᠰᠤᠶᠤᠯ ᠤᠨ ᠬᠠᠷᠢᠯᠴᠠᠭ᠎ᠠ ᠲᠣᠭᠲᠠᠭᠠᠭᠰᠠᠨ ᠤ 50 ᠵᠢᠯ ᠦᠨ ᠣᠢ ᠢᠢ ᠤᠭᠲᠤᠨ ᠡᠨᠡ ᠵᠢᠯ ᠠᠷᠠᠳ ᠲᠦᠮᠡᠨ᠂ ᠲᠡᠷᠡ ᠳᠤᠮᠳᠠ ᠪᠠᠨ ᠬᠣᠢᠢᠴᠢ ᠦᠶ᠎ᠡ ᠢᠢ ᠠᠪᠴᠤ ᠶᠠᠪᠤᠬᠤ ᠵᠠᠯᠠᠭᠤᠴᠤᠳ ᠬᠣᠭᠣᠷᠣᠨᠳᠣ ᠢᠢᠨ ᠰᠣᠯᠢᠯᠴᠠᠭ᠎ᠠ ᠢᠳᠡᠪᠬᠢᠲᠡᠢ ᠥᠷᠨᠢᠵᠦ ᠪᠠᠢᠢᠭ᠎ᠠ ᠳᠤ ᠲᠤᠢᠢᠯ ᠤᠨ ᠪᠠᠶᠠᠷᠲᠠᠢ ᠪᠠᠢᠢᠨ᠎ᠠ᠃

ᠬᠣᠶᠠᠷ ᠣᠷᠣᠨ ᠤ ᠬᠠᠷᠢᠯᠴᠠᠭ᠎ᠠ ᠢᠢ 《ᠡ᠊ᠩᠬᠡ ᠲᠠᠢᠢᠪᠤᠩ ᠬᠥᠭ᠍ᠵᠢᠯ ᠴᠡᠴᠡᠭᠯᠡᠯᠲᠡ ᠢᠢᠨ ᠲᠥᠯᠦᠭᠡᠬᠢ ᠲᠤᠰᠬᠠᠢ ᠰᠲ᠋ᠷᠠᠲ᠋ᠧᠭᠢ ᠢᠢᠨ ᠲᠦᠩᠰᠢᠯᠡᠯ》 ᠪᠣᠯᠭᠠᠨ ᠱᠠᠲᠤ ᠠᠬᠢᠭᠤᠯᠬᠤ ᠦᠶ᠎ᠡ ᠪᠡᠷ ᠡᠷᠬᠢᠮᠰᠦᠭ ᠨᠣᠶᠠᠨ ᠲᠠᠨ ᠲᠠᠢ ᠪᠦᠬᠦᠢ ᠯᠠ ᠰᠠᠯᠪᠤᠷᠢ ᠳᠠᠬᠢ ᠬᠠᠷᠢᠯᠴᠠᠭ᠎ᠠ᠂ ᠬᠠᠮᠲᠤ ᠢᠢᠨ ᠠᠵᠢᠯᠯᠠᠭ᠎ᠠ ᠢᠢ ᠪᠡᠬᠢᠵᠢᠭᠦᠯᠬᠦ ᠢᠢᠨ ᠦᠨᠳᠦᠰᠦ ᠰᠠᠭᠤᠷᠢ ᠪᠣᠯ 《ᠬᠦᠮᠦᠨ》 ᠭᠡᠳᠡᠭ ᠲᠥ ᠰᠠᠨᠠᠯ ᠨᠢᠭᠡᠳᠴᠦ᠂ ᠳᠠᠬᠢᠨ ᠨᠣᠲᠠᠯᠠᠭᠰᠠᠨ ᠪᠢᠯᠡ᠃ ᠡᠨᠡ ᠬᠦᠷᠢᠶᠡᠨ ᠳᠥ ᠢᠷᠭᠡᠳ ᠬᠣᠭᠣᠷᠣᠨᠳᠣ ᠢᠢᠨ ᠰᠣᠯᠢᠯᠴᠠᠭ᠎ᠠ ᠤᠯᠠᠮ ᠥᠷᠭᠡᠵᠢᠨ ᠬᠥᠭ᠍ᠵᠢᠨ᠎ᠡ ᠭᠡᠳᠡᠭ ᠲᠥ ᠢᠲᠡᠭᠡᠯ ᠲᠡᠢ ᠪᠠᠢᠢᠨ᠎ᠠ᠃ ᠲᠠᠨ ᠳᠤ ᠪᠣᠯᠤᠨ ᠮᠣᠩ᠋ᠭᠣᠯ ᠤᠨ ᠠᠷᠠᠳ ᠲᠦᠮᠡᠨ ᠳᠥ ᠦᠨᠳᠦᠰᠦᠨ ᠦ ᠶᠡᠬᠡ ᠪᠠᠶᠠᠷ ᠨᠠᠭᠠᠳᠤᠮ ᠤᠨ ᠪᠠᠶᠠᠷ ᠤᠨ ᠮᠡᠨᠳᠦ ᠬᠦᠷᠭᠡᠵᠦ᠂ ᠡᠷᠡᠭᠦᠯ ᠡ᠊ᠩᠬᠡ᠂ ᠰᠠᠢᠢᠨ ᠰᠠᠢᠢᠬᠠᠨ᠂ ᠬᠥᠭ᠍ᠵᠢᠯ ᠴᠡᠴᠡᠭᠯᠡᠯᠲᠡ ᠢᠢ ᠬᠦᠰᠡᠨ ᠢᠷᠦᠭᠡᠶ᠎ᠡ》 ᠭᠡᠵᠡᠢ᠃